| | ᠤᠢᠢᠷ᠎ᠠ ᠶᠢᠨ ᠵᠢᠯ ᠠᠴᠠ᠂ ᠹᠧᠩᠵᠧᠨ ᠤ ᠬᠤᠳᠠ ᠶᠢᠨ ᠦᠨᠳᠦᠰᠦᠳᠡᠨ ᠤ ᠵᠥᠪᠯᠡᠯ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ | ᠨᠡᠶᠢᠭᠡᠮ ᠲᠣᠭᠤᠷᠢᠭ ᠢ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠮᠦᠵᠢᠯ ᠢ ᠭᠦᠨᠵᠡᠭᠡᠶᠢᠷᠡᠭᠦᠯᠬᠦ ᠴᠢᠬᠤᠯᠠ | ᠵᠢᠭᠰᠠᠭᠠᠯ ᠤᠨ ᠭᠠᠵᠠᠷ ᠪᠣᠯᠭᠠᠬᠤ ᠶᠢ ᠪᠠᠷᠢᠮᠲᠠᠯᠠᠵᠤ᠂ ᠦᠨᠳᠦᠰᠦᠲᠡᠨ ᠤ ᠠᠵᠢᠯ ᠤᠨ ᠰᠢᠨ᠎ᠡ ᠵᠠᠮ ᠢ ᠢᠳᠡᠪᠬᠢᠲᠡᠢ | ᠰᠦᠪᠡᠭᠴᠢᠯᠡᠵᠦ᠂ ᠬᠠᠷᠢᠯᠴᠠᠨ ᠰᠢᠭᠢᠳᠬᠡᠬᠦ ᠬᠡᠯᠪᠡᠷᠢ ᠶᠢᠨ ᠲᠤᠷᠰᠢᠯᠲᠠ ᠶᠢᠨ ᠴᠡᠭ ᠤᠨ ᠪᠢᠨ ᠾᠧ ᠨᠡᠶᠢᠭᠡᠮ | ᠲᠣᠭᠤᠷᠢᠭ ᠲᠤ ᠠᠨᠠᠷ ᠤᠨ ᠦᠷ᠎ᠡ ᠶᠢᠨ ᠦᠷᠲᠡᠭᠡ ᠪᠠᠶᠢᠭᠤᠯᠵᠤ᠂ ︽ᠦᠨᠳᠦᠰᠦᠲᠡᠨ ᠤ ᠪᠦᠯᠬᠦᠮᠳᠡᠯ +︾ ᠤᠨ | ᠠᠭᠤᠰᠤᠯᠴᠠᠨ ᠬᠥᠭᠵᠢᠬᠦ ᠶᠢ ᠠᠬᠢᠭᠤᠯᠪᠠ᠃ | ᠨᠢᠭᠡ ᠳᠤ᠂ ᠤᠯᠠᠭᠠᠨᠴᠠᠪ ᠬᠤᠲᠠ ᠶᠢᠨ ᠨᠡᠶᠢᠲᠡ ᠶᠢᠨ ᠠᠰᠠᠷᠠᠮᠵᠢ ᠶᠢᠨ ᠠᠬᠢᠭᠤᠯᠬᠤ ᠬᠤᠷᠠᠯ ᠲᠠᠢ ᠬᠠᠮᠲᠤᠷᠠᠨ | ᠠᠨᠠᠷ ᠤᠨ ᠦᠷ᠎ᠡ ᠶᠢᠨ ᠥᠷᠲᠡᠭᠡ ᠳᠤ ︽ᠬᠤᠨ ᠭᠠᠯᠠᠭᠤ ᠶᠢᠨ ᠰᠤᠷᠭᠠᠭᠤᠯᠢ ᠶᠢᠨ ᠲᠠᠩᠬᠢᠮ︾ ᠤᠨ ᠠᠵᠢᠯᠯᠠᠭ᠎ᠠ ᠶᠢ | ᠦᠷᠭᠦᠯᠵᠢᠯᠡᠨ ᠥᠷᠨᠢᠭᠦᠯᠪᠡ᠃ ︽ᠠᠨᠠᠷ ᠤᠨ ᠦᠷ᠎ᠡ ᠶᠢᠨ ᠬᠢᠴᠢᠶᠡᠯ ᠤᠨ ᠲᠠᠩᠬᠢᠮ︾᠂ ᠨᠣᠮ ᠤᠩᠰᠢᠵᠤ | ᠬᠤᠪᠢᠶᠠᠯᠴᠠᠬᠤ᠂ ᠺᠢᠨᠣ᠋ ᠦᠵᠡᠬᠦ᠂ ᠤᠶᠤᠨ ᠤᠬᠠᠭᠠᠨ ᠢ ᠰᠠᠶᠢᠵᠢᠷᠠᠭᠤᠯᠬᠤ ᠲᠣᠭᠯᠠᠭᠠᠮ ᠵᠡᠷᠭᠡ ᠰᠢᠷᠢᠰ | ᠠᠵᠢᠯᠯᠠᠭ᠎ᠠ ᠪᠠᠷ ᠳᠠᠮᠵᠢᠭᠤᠯᠤᠨ᠂ ᠬᠡᠦᠬᠡᠳ ᠤᠳ ᠢ ᠰᠤᠷᠤᠯᠴᠠᠭᠤᠯᠤᠨ ᠴᠡᠩᠭᠡᠯᠳᠦᠬᠦ ᠶᠢᠨ ᠬᠠᠮᠲᠤ ᠬᠠᠷᠢᠯᠴᠠᠨ | ᠣᠶᠢᠯᠠᠭᠠᠯᠴᠠᠭ᠎ᠠ ᠪᠠᠨ ᠨᠡᠮᠡᠭᠳᠡᠭᠦᠯᠵᠦ᠂ ᠭᠦᠨ ᠵᠤᠵᠠᠭᠠᠨ ᠬᠠᠶᠢᠷ᠎ᠠ ᠰᠡᠳᠬᠢᠯᠭᠡ ᠲᠠᠢ ᠪᠣᠯᠭᠠᠵᠤ᠂ ᠦᠨᠳᠦᠰᠦᠲᠡᠨ ᠤ | ᠪᠦᠯᠬᠦᠮᠳᠡᠯ ᠤᠨ ︽ᠰᠡᠳᠬᠢᠯ ᠤᠨ ᠬᠥᠭᠦᠷᠭᠡ︾ ᠶᠢ ᠪᠤᠰᠬᠠᠪᠠ᠃ | ᠬᠤᠶᠠᠷ ᠲᠤ᠂ ᠡᠯ᠎ᠡ ᠲᠥᠷᠥᠯ ᠤᠨ ᠡᠬᠢ ᠪᠠᠶᠠᠯᠢᠭ ᠢ ᠬᠤᠯᠪᠣᠵᠤ᠂ ᠨᠡᠶᠢᠭᠡᠮ ᠲᠣᠭᠤᠷᠢᠭ ᠤᠨ ᠠᠨᠠᠷ ᠤᠨ | ᠦᠷ᠎ᠡ ᠶᠢᠨ ᠥᠷᠲᠡᠭᠡ ᠶᠢᠨ ᠠᠵᠢᠯᠯᠠᠭ᠎ᠠ ᠶᠢᠨ ᠠᠭᠤᠯᠭ᠎ᠠ ᠶᠢ ᠪᠠᠶᠠᠯᠢᠭᠵᠢᠭᠤᠯᠵᠤ᠂ ᠦᠨᠳᠦᠰᠦᠲᠡᠨ ᠨᠦᠭᠦᠳ ᠤᠨ | ᠵᠠᠯᠠᠭᠤᠴᠤᠳ ᠪᠠᠭᠠᠴᠤᠳ ᠲᠤ ᠨᠠᠩ ᠣᠯᠠᠨ ᠰᠤᠷᠤᠯᠴᠠᠬᠤ ᠲᠣᠬᠢᠶᠠᠯ ᠪᠠ ᠦᠰᠦᠨ ᠪᠤᠶᠢᠵᠢᠬᠤ ᠲᠠᠪᠴᠠᠩ ᠬᠠᠩᠭᠠᠵᠤ᠂ | ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠦᠰᠦᠨ ᠪᠤᠶᠢᠵᠢᠯᠲᠠ ᠶᠢ ᠰᠡᠳᠬᠢᠯ ᠲᠠᠯᠪᠢᠨ | ᠬᠦᠴᠦᠯᠡᠨ ᠬᠠᠮᠠᠭᠠᠯᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠢᠨ᠎ᠡ ᠬᠠᠭᠤᠳᠠᠰᠤ ᠶᠢ ᠪᠢᠴᠢᠭᠯᠡᠨ᠎ᠡ᠃ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ |