ᠬᠤᠲᠠ ᠶᠢᠨ ᠤᠳᠤᠷᠢᠳᠤᠯᠭ᠎ᠠ ᠠᠶᠤᠯᠭᠦᠶ ᠦᠢᠯᠡᠳᠪᠦᠷᠢᠯᠡᠯ ᠪᠠ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/1/29
    ᠤᠶᠢᠷ᠎ᠠ ᠶᠢᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠹᠠᠩ ᠽᠧ ᠵᠢᠨᠢᠩ ᠲᠣᠭᠤᠷᠢᠭ ᠲᠤ ᠭᠦᠨᠵᠡᠭᠡᠶᠢᠷᠡᠨ ᠠᠶᠤᠯᠭᠦᠶ ᠦᠶ᠋ᠯᠡᠳᠪᠦᠷᠢᠯᠡᠯ ᠪᠣᠯᠤᠨ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠢ ᠪᠠᠶᠢᠴᠠᠭᠠᠨ ᠰᠤᠳᠤᠯᠪᠠ᠃      ᠹᠠᠩ ᠽᠧ ᠤᠷᠢᠳ ᠬᠤᠵᠢᠳ ᠸᠧᠢ ᠳ᠋ᠦᠸᠧ ᠯᠢ ᠬᠤᠳᠠᠯᠳᠤᠭᠠᠨ ᠤ ᠠᠰᠠᠷ᠂ ᠥᠪᠥᠷ ᠮᠣᠩᠭᠤᠯ ᠤᠨ ᠰᠠᠨ ᠰᠢᠨ ᠠᠵᠤ ᠦᠢᠯᠡᠰ ᠤᠨ ᠬᠢᠵᠠᠭᠠᠷᠲᠤ ᠺᠣᠮᠫᠠᠨᠢ᠂ ᠪᠠᠢ ᠸᠠᠩ ᠷᠦᠩ ᠴᠧᠩ E ᠲᠣᠭᠤᠷᠢᠭ ᠲᠤ ᠬᠦᠷᠴᠦ᠂ ᠬᠤᠳᠠᠯᠳᠤᠭᠠᠨ ᠤ ᠲᠠᠯᠠᠪᠤᠷ ᠤᠨ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠪᠠᠶᠢᠳᠠᠯ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠠᠵᠢᠯ᠂ ᠰᠠᠭᠤᠭᠠᠯᠢ ᠠᠷᠠᠳ ᠤᠨ ᠲᠣᠭᠤᠷᠢᠭ ᠤᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠴᠠᠬᠢᠯᠭᠠᠨ ᠴᠡᠨᠡᠭᠯᠡᠬᠦ ᠦᠨ᠎ᠡ ᠬᠠᠩᠰᠢ ᠶᠢ ᠨᠠᠷᠢᠨ ᠣᠶᠢᠯᠠᠭᠠᠬᠤ ᠶᠢᠨ ᠬᠠᠮᠲᠤ ᠬᠤᠳᠠᠯᠳᠤᠭᠠᠨ ᠤ ᠲᠠᠯᠠᠪᠤᠷ ᠤᠨ ᠭᠠᠯ ᠤᠨᠲᠠᠷᠠᠭᠠᠬᠤ ᠡᠵᠡᠮᠳᠡᠬᠦ ᠲᠠᠰᠤᠭ᠂ ᠭᠠᠯ ᠤᠨᠲᠠᠷᠠᠭᠠᠬᠤ ᠤᠰᠤᠨ ᠬᠥᠭᠡᠷᠭᠡ ᠶᠢᠨ ᠭᠡᠷ ᠵᠢᠴᠢ ᠰᠠᠭᠤᠭᠠᠯᠢ ᠲᠣᠭᠤᠷᠢᠭ ᠤᠨ ᠴᠠᠬᠢᠯᠭᠠᠨ ᠱᠠᠲᠤ ᠶᠢᠨ ᠣᠶᠤᠨᠲᠤ ᠲᠡᠷᠭᠡ ᠬᠠᠷᠰᠢᠯᠠᠬᠤ ᠰᠢᠰᠲ᠋ᠧᠮ ᠳᠤ ᠲᠤᠬᠠᠢ ᠶᠢᠨ ᠭᠠᠵᠠᠷ ᠤᠨ ᠪᠠᠶᠢᠴᠠᠭᠠᠯᠲᠠ ᠬᠢᠵᠡᠢ᠃     ᠹᠠᠩ ᠽᠧ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠠᠵᠤ ᠠᠬᠤᠶᠢᠯᠠᠯ ᠤᠨ ᠬᠢᠨ ᠠᠮᠢ ᠨᠠᠰᠤ ᠶᠢ ᠳᠡᠭᠡᠳᠦᠯᠡᠬᠦ᠂ ᠠᠮᠤᠷ ᠲᠦᠪᠰᠢᠨ ᠢ ᠲᠡᠷᠢᠭᠦᠨ ᠳᠤ ᠲᠠᠯᠪᠢᠬᠤ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠬᠠᠷᠢᠭᠤᠴᠠᠯᠭ᠎ᠠ ᠶᠢ ᠤᠯᠠᠮ ᠴᠢᠨᠠᠭᠰᠢᠳᠠ ᠪᠣᠳᠠᠲᠠᠶᠢᠵᠢᠭᠤᠯᠵᠤ᠂ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠴᠡᠭ ᠪᠣᠯᠤᠨ ᠪᠠᠭᠤᠷᠠᠢ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠲᠦᠷᠦᠯ ᠤᠨ ᠠᠶᠤᠯ ᠲᠦᠭᠰᠢᠭᠦᠷᠢ ᠶᠢᠨ ᠭᠡᠮ ᠰᠣᠭᠤᠭ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠡᠯ᠎ᠡ ᠵᠦᠢᠯ ᠤᠨ ᠠᠶᠤᠯᠭᠦᠢ ᠦᠢᠯᠡᠳᠪᠦᠷᠢᠯᠡᠯ ᠤᠨ ᠠᠷᠭ᠎ᠠ ᠬᠡᠮᠵᠢᠶ᠎ᠡ ᠶᠢ ᠨᠠᠷᠢᠨ ᠨᠢᠮᠪᠠᠢ ᠨᠠᠶᠢᠳᠠᠪᠤᠷᠢᠵᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ ᠰᠠᠬᠢᠬᠤ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠪᠠᠨ ᠴᠢᠩᠭᠠᠳᠬᠠᠵᠤ᠂ ︽ᠴᠠᠭ ᠢᠮᠠᠭᠲᠠ ᠰᠠᠨᠠᠭ᠎ᠠ ᠠᠮᠤᠷ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠷ ᠬᠦᠨᠳᠦ ᠶᠡᠭᠡ ᠠᠳᠡᠯ ᠭᠠᠷᠬᠤ ᠶᠢ ᠡᠷᠡᠰ ᠬᠤᠷᠢᠭᠯᠠᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃                                            ᠣᠷᠴᠢᠭᠤᠯᠤᠭᠴᠢ᠄ ᠭᠤᠸ᠎ᠠ                                            ᠬᠢᠨᠠᠭᠴᠢ᠄ ᠠᠷᠢᠭᠤᠨ    
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2