ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/1/3
    2024 ᠣᠨ ᠤ 12 ᠰᠠᠷ᠎ᠠ ᠶᠢᠨ 31 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠵᠧᠦ ᠺᠠᠶ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃     ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠰᠠᠶᠢᠲᠤᠷ ᠬᠢᠬᠦ ᠲᠤᠬᠠᠢ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠣᠰᠣᠭᠠᠷ᠂ ︽ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠠᠵᠢᠯ ᠢ ᠪᠠᠷᠠᠭᠠᠯᠠᠨ ᠲᠥᠯᠥᠪᠵᠢᠭᠦᠯᠵᠦ᠂ ᠠᠮᠤ ᠪᠤᠳᠠᠭᠠᠨ ᠤ ᠠᠮᠤᠷ ᠲᠦᠪᠰᠢᠨ ᠢ ᠲᠣᠭᠲᠠᠭᠤᠨ ᠪᠠᠶᠢᠯᠭᠠᠬᠤ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠬᠠᠶᠢᠨᠠᠨ ᠮᠤᠵᠢ ᠶᠢᠨ ᠨᠠᠮ ᠤᠨ ᠬᠤᠷᠢᠶ᠎ᠠ ᠪᠣᠯᠤᠨ ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠭᠤᠣᠯᠯᠠᠭᠴᠢ ᠮᠡᠷᠭᠡᠵᠢᠯ ᠤᠨ ᠪᠣᠭᠤᠮᠲᠠ ᠰᠢᠪᠲᠤᠯᠬᠤ ᠶᠢ ᠴᠢᠩᠭᠠᠳᠬᠠᠵᠤ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠ ᠨᠡᠬᠡᠬᠡᠯᠳᠡ ᠶᠢ ᠥᠷᠭᠡᠳᠬᠡᠬᠦ ᠶᠢ ᠠᠬᠢᠭᠤᠯᠵᠤ᠂ ᠬᠤᠳᠠ ᠬᠥᠳᠡᠭᠡ ᠶᠢᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠠᠷᠠᠳ ᠤᠨ ᠠᠮᠢᠳᠤᠷᠠᠯ ᠢ ᠦᠷᠭᠦᠯᠵᠢᠯᠡᠨ ᠪᠠᠲᠤᠯᠠᠨ ᠰᠠᠶᠢᠵᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠬᠤᠶᠠᠷ ᠢ ᠲᠣᠭᠲᠠᠭᠠᠭᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠡᠯ ᠢ ᠡᠰᠡᠷᠭᠦᠴᠡᠬᠦ ᠶᠢ ᠭᠦᠨᠵᠡᠭᠡᠢ ᠠᠬᠢᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠭᠦᠢᠴᠡᠳᠬᠡᠬᠦ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ᠂ ᠲᠥᠪ ᠪᠠ ᠥᠪᠡᠷᠲᠡᠭᠡᠨ ᠵᠠᠰᠠᠬᠤ ᠣᠷᠣᠨ ᠤ 2025 ᠣᠨ ᠤ ᠰᠢᠨ᠎ᠡ ᠵᠢᠯ ᠴᠠᠭᠠᠨ ᠰᠠᠷ᠎ᠠ ᠶᠢᠨ ᠬᠤᠭᠤᠴᠠᠭᠠᠨ ᠳᠠᠬᠢ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠬᠦ ᠲᠤᠬᠠᠢ ᠪᠣᠳᠠᠲᠠᠢ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠵᠢᠯ ᠤᠨ ᠡᠴᠦᠰ ᠵᠢᠯ ᠤᠨ ᠡᠬᠢᠨ ᠤ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ ᠪᠥᠬᠦ ᠬᠤᠲᠠ ᠶᠢᠨ 2024 ᠣᠨ ᠤ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠪᠠ 2025 ᠣᠨ ᠤ ᠠᠵᠤ ᠠᠬᠤᠶ ᠶᠢᠨ ᠠᠵᠢᠯ ᠤᠨ ᠲᠣᠬᠢᠷᠠᠭᠤᠯᠤᠯᠲᠠ ᠶᠢᠨ ᠰᠠᠨᠠᠭᠤᠯᠭ᠎ᠠ ᠶᠢᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠲᠠ ᠶᠢᠨ ᠨᠠᠮ ᠤᠨ ᠬᠤᠷᠢᠶᠠᠨ ᠤ ᠲᠠᠪᠤᠳᠤᠭᠠᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠵᠢᠴᠢ ᠪᠥᠬᠦ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯ ᠤᠨ ᠬᠤᠯᠪᠣᠭᠳᠠᠯ ᠪᠥᠬᠦᠶ ᠵᠦᠢᠯᠡᠰ ᠢ ᠰᠤᠳᠤᠯᠤᠨ ᠬᠢᠨᠠᠨ ᠵᠥᠪᠯᠡᠪᠡ᠃ ᠬᠤᠷᠠᠯ ᠠᠴᠠ᠂ ᠬᠤᠲᠠ ᠶᠢᠨ ᠨᠠᠮ ᠤᠨ ᠬᠤᠷᠢᠶᠠᠨ ᠤ ᠲᠠᠪᠤᠳᠤᠭᠠᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠵᠢᠴᠢ ᠪᠥᠬᠦ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯᠳᠤᠭᠠᠨ ᠢ 2025 ᠣᠨ ᠤ 1 ᠰᠠᠷ᠎ᠠ ᠶᠢᠨ 3 ᠤ ᠡᠳᠦᠷ ᠵᠢᠨᠢᠩ ᠳᠤ ᠬᠤᠷᠠᠯᠳᠤᠭᠤᠯᠬᠤ ᠪᠠᠷ ᠲᠣᠭᠲᠠᠪᠠ᠃     ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃                                        ᠣᠷᠴᠢᠭᠤᠯᠤᠭᠴᠢ᠄ ᠭᠤᠸ᠎ᠠ                                        ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2