2025 ᠣᠨ ᠤ ᠤᠯᠠᠭᠠᠨᠴᠠᠪ ᠬᠤᠲᠠ ᠶᠢᠨ ᠴᠠᠭᠠᠨ ᠰᠠᠷ᠎ᠠ ᠶᠢᠨ ᠬᠠᠮᠲᠤ ᠶᠢᠨ ᠵᠣᠯᠭᠠᠯᠲᠠ ᠶᠠᠪᠤᠭᠳᠠᠪᠠ
ᠨᠡᠶᠢᠲᠡᠯᠡᠭᠰᠡᠨ ᠴᠠᠭ᠄
2025/1/30
 
       1 ᠰᠠᠷ᠎ᠠ ᠶᠢᠨ 26 ᠤ ᠡᠳᠦᠷ᠂ 2025 ᠣᠨ ᠳᠤ ᠤᠯᠠᠭᠠᠨᠴᠠᠪ ᠬᠤᠲᠠ ᠶᠢᠨ ᠴᠠᠭᠠᠨ ᠰᠠᠷ᠎ᠠ ᠶᠢᠨ ᠬᠠᠮᠲᠤ ᠶᠢᠨ ᠵᠣᠯᠭᠠᠯᠲᠠ ᠵᠢᠨᠢᠩ ᠳᠤ ᠶᠠᠪᠤᠭᠳᠠᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠵᠧᠦ ᠺᠠᠢ ᠪᠠᠶᠠᠷ ᠤᠨ ᠦᠭᠡ ᠬᠡᠯᠡᠵᠦ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠢ ᠲᠥᠯᠥᠭᠡᠯᠡᠨ ᠪᠥᠬᠦ ᠬᠤᠲᠠ ᠶᠢᠨ ᠦᠨᠳᠦᠰᠦᠲᠡᠨ ᠨᠦᠭᠦᠳ ᠤᠨ ᠣᠯᠠᠨ ᠲᠦᠮᠡᠨ ᠪᠠ ᠤᠯᠠᠭᠠᠨᠴᠠᠪ ᠤᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠡᠯ᠎ᠡ ᠡᠲᠡᠭᠡᠳ ᠤᠨ ᠬᠥᠮᠦᠰ ᠲᠤ ᠴᠠᠭᠠᠨ ᠰᠠᠷ᠎ᠠ ᠶᠢᠨ ᠴᠢᠩ ᠰᠡᠳᠬᠢᠯ ᠤᠨ ᠮᠡᠨᠳᠦᠴᠢᠯᠡᠯ ᠪᠠ ᠪᠠᠶᠠᠷ ᠤᠨ ᠡᠳᠦᠷ ᠤᠨ ᠰᠠᠶᠢᠨ ᠰᠠᠶᠢᠬᠠᠨ ᠵᠥᠩᠨᠡᠯ ᠳᠡᠪᠰᠢᠭᠦᠯᠪᠡ᠃    ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠸᠢ ᠶᠦᠨ ᠬᠤᠷᠠᠯ ᠡᠷᠭᠢᠯᠡᠪᠡ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠯᠢᠶᠠᠩ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠶᠤᠸᠠᠢ ᠶᠠᠨ ᠮᠧᠶ ᠵᠡᠷᠭᠡ ᠬᠤᠲᠠ ᠶᠢᠨ ᠤᠳᠤᠷᠢᠳᠤᠯᠭ᠎ᠠ ᠬᠤᠷᠠᠯ ᠳᠤ ᠣᠷᠣᠯᠴᠠᠪᠠ᠃    ᠵᠧᠦ ᠺᠠᠢ ᠪᠠᠶᠠᠷ ᠤᠨ ᠦᠭᠡ ᠳᠡᠭᠡᠨ᠂ ᠥᠩᠭᠡᠷᠡᠭᠰᠡᠨ ᠨᠢᠭᠡ ᠵᠢᠯ ᠳᠤ᠂ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠲᠠᠪᠤᠨ ᠶᠡᠭᠡ ᠡᠭᠦᠷᠭᠡ︾᠂ ︽ᠵᠢᠷᠭᠤᠭᠠᠨ ᠢᠨᠵᠧᠨᠧᠷᠢᠩ︾ ᠤᠨ ᠣᠨ ᠤ ᠡᠭᠦᠷᠭᠡ ᠶᠢ ᠤᠷᠤᠭᠰᠢᠲᠠᠢ ᠪᠡᠶᠡᠯᠡᠭᠦᠯᠵᠦ᠂ ᠠᠵᠤ ᠠᠬᠤᠢ ᠶᠢᠨ ᠬᠥᠭᠵᠢᠯᠲᠡ ᠲᠣᠭᠲᠠᠭᠤᠨ ᠤ ᠳᠤᠮᠳᠠ ᠰᠠᠶᠢᠵᠢᠷᠠᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠮᠵᠢᠯᠲᠠ ᠪᠦᠲᠦᠮᠵᠢ ᠢᠯᠡᠳᠳᠡ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠬᠤᠷᠳᠤᠴᠠ ᠶᠢ ᠲᠦᠷᠭᠡᠳᠬᠡᠵᠦ᠂ ᠬᠡᠷᠡᠭᠯᠡᠭᠡᠨ ᠤ ᠳᠠᠯᠳᠠ ᠬᠦᠴᠦᠨ ᠢ ᠲᠦᠷᠭᠡᠨ ᠪᠠᠳᠠᠷᠠᠭᠤᠯᠵᠤ᠂ ᠨᠢᠭᠡ ᠪᠦᠯᠦᠭ ᠪᠠᠶᠠᠷᠯᠠᠭᠤᠰᠢᠲᠠᠢ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠦᠲᠦᠭᠡᠵᠦ᠂ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠨᠡᠩ ᠪᠤᠬᠢᠷᠳᠤᠯ ᠦᠬᠡᠢ᠂ ᠨᠡᠩ ᠭᠦᠢᠴᠡᠳ ᠪᠠᠶᠢᠵᠤ᠂ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠶᠢ ᠥᠷᠭᠡᠨ ᠤᠯᠠᠨ ᠺᠠᠳ᠋ᠷ ᠤᠯᠠᠨ ᠲᠦᠮᠡᠨ ᠤ ᠥᠷᠭᠡᠨ ᠳᠡᠯᠭᠡᠷ ᠬᠠᠮᠲᠤ ᠶᠢᠨ ᠲᠠᠨᠢᠯᠲᠠ ᠪᠠ ᠤᠬᠠᠮᠰᠠᠷᠲᠤ ᠠᠵᠢᠯᠯᠠᠭ᠎ᠠ ᠪᠣᠯᠭᠠᠪᠠ᠃ ᠠᠮᠵᠢᠯᠲᠠ ᠪᠦᠲᠦᠮᠵᠢ ᠶᠢ ᠬᠢᠯᠪᠠᠷᠬᠠᠨ ᠢᠶᠠᠷ ᠣᠯᠤᠭᠰᠠᠨ ᠪᠢᠰᠢ ᠶᠤᠮ᠂ ᠡᠨᠡ ᠪᠣᠯ ᠪᠦᠬᠦ ᠬᠤᠳᠠ ᠶᠢᠨ ᠺᠠᠳ᠋ᠷ ᠤᠯᠠᠨ ᠲᠦᠮᠡᠨ ᠤ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠴᠤᠴᠠᠯᠲᠠ ᠦᠭᠡᠢ ᠤᠷᠤᠭᠰᠢᠯᠠᠨ ᠲᠠᠪᠰᠢᠵᠤ᠂ ᠠᠵᠢᠯᠯᠠᠵᠤ ᠪᠠᠶᠢᠭᠠᠳ ᠪᠦᠲᠦᠭᠡᠭᠰᠡᠨ ᠶᠤᠮ᠃    ᠵᠧᠦ ᠺᠠᠢ᠂ ᠡᠷᠡᠯᠬᠡᠭᠯᠡᠨ ᠤᠷᠤᠭᠰᠢᠯᠠᠭᠰᠠᠨ ᠤᠯᠠᠭᠠᠨᠴᠠᠪ ᠵᠣᠯ ᠵᠢᠷᠭᠠᠯ ᠵᠦᠭ ᠤᠯᠠᠮ ᠨᠢᠭᠡ ᠠᠯᠬᠤᠮ ᠤᠷᠤᠭᠰᠢᠯᠠᠨ᠎ᠠ᠃ 2025 ᠤᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠡᠭᠦᠯ ᠬᠤᠷᠢᠶᠠᠬᠤ ᠪᠠ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠵᠢᠯ ᠮᠥᠨ᠂ ᠪᠠᠰᠠ ᠴᠤ ᠤᠯᠠᠭᠠᠨᠴᠠᠪ ᠴᠢᠩᠭ᠎ᠠ ᠠᠳᠬᠤᠨ ᠲᠦᠷᠭᠡᠨ ᠠᠵᠢᠯᠯᠠᠵᠤ᠂ ᠥᠭᠡᠳᠡᠯᠡᠨ ᠲᠠᠪᠰᠢᠬᠤ ᠴᠢᠬᠤᠯᠠ ᠨᠢᠭᠡ ᠵᠢᠯ ᠮᠥᠨ᠃ ᠰᠢᠨ᠎ᠡ ᠠᠶᠠᠨ ᠵᠠᠮ ᠳᠤ᠂ ᠪᠢᠳᠡ ᠴᠥᠮ ᠭᠤᠣᠯ ᠲᠣᠭᠯᠠᠭᠴᠢ ᠮᠥᠨ᠂ ᠪᠢᠳᠡ ᠢᠲᠡᠭᠡᠯ ᠵᠣᠷᠢᠭ ᠢᠶᠠᠨ ᠪᠠᠲᠤᠳᠬᠠᠵᠤ᠂ ᠡᠷᠴᠢ ᠵᠣᠷᠢᠭ ᠢᠶᠠᠨ ᠬᠥᠪᠴᠢᠯᠡᠵᠦ᠂ ᠨᠢᠭᠡ ᠭᠤᠣᠯ ᠰᠢᠵᠢᠮ ᠢ ᠲᠤᠭᠤᠰᠢᠯᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠵᠦ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠵᠦ᠂ ︽ᠵᠢᠷᠭᠤᠭᠠᠨ ᠠᠵᠢᠯᠯᠠᠭ᠎ᠠ︾ ᠶᠢ ᠥᠷᠨᠢᠭᠦᠯᠬᠦ ᠲᠠᠯ᠎ᠠ ᠪᠠᠷ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ ᠵᠣᠷᠢᠭᠲᠠᠢ ᠪᠠᠷ ᠤᠷᠤᠰᠬᠠᠯ ᠤᠨ ᠡᠮᠦᠨ᠎ᠡ ᠵᠣᠭᠰᠣᠵᠤ᠂ ᠬᠦᠨᠳᠦ ᠡᠭᠦᠷᠭᠡ ᠶᠢ ᠵᠣᠷᠢᠭᠲᠠᠢ ᠪᠠᠷ ᠡᠭᠦᠷᠭᠡᠯᠡᠵᠦ᠂ ᠡᠷᠡᠯᠬᠡᠭᠯᠡᠨ ᠤᠷᠤᠭᠰᠢᠯᠠᠵᠤ᠂ ᠤᠯᠠᠭᠠᠨᠴᠠᠪ ᠤᠨ ᠶᠠᠪᠤᠳᠠᠯ ᠢ ᠨᠡᠩ ᠰᠠᠶᠢᠲᠤᠷ ᠬᠢᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠠᠶᠢᠭᠠᠳ ᠮᠠᠨ ᠤ ᠰᠡᠳᠬᠢᠯ ᠤᠨ ᠰᠠᠶᠢᠨ ᠰᠠᠶᠢᠬᠠᠨ ᠬᠦᠰᠡᠯ ᠡᠷᠡᠮᠡᠯᠵᠡᠯ ᠢᠶᠠᠨ ᠪᠡᠶᠡᠯᠡᠭᠦᠯᠬᠦ ᠶᠢ ᠠᠯᠬᠤᠮ ᠠᠯᠬᠤᠮ ᠢᠶᠠᠷ ᠠᠬᠢᠭᠤᠯᠬᠤ ᠬᠡᠷᠡᠭᠲᠡᠢ ᠭᠡᠵᠦ ᠬᠡᠯᠡᠪᠡ᠃    ᠬᠠᠮᠲᠤ ᠶᠢᠨ ᠵᠣᠯᠭᠠᠯᠲᠠ ᠶᠢᠨ ᠬᠤᠷᠠᠯ ᠳᠡᠭᠡᠷ᠎ᠡ᠂ ᠤᠳᠬ᠎ᠠ ᠤᠷᠠᠯᠢᠭ ᠤᠨ ᠠᠵᠢᠯᠲᠠᠳ ᠭᠤᠶᠢᠳᠠ ᠰᠠᠶᠢᠬᠠᠨ ᠲᠣᠭᠯᠠᠯᠲᠠ ᠭᠠᠷᠭᠠᠪᠠ᠃                   ᠵᠣᠬᠢᠶᠠᠭᠴᠢ᠄ ᠱᠣᠤ ᠮᠢᠨ ᠯᠢ                   ᠤᠷᠴᠢᠭᠤᠯᠤᠭᠴᠢ᠄ ᠬᠦᠰᠡᠯ                   ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2