ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ 2025 ᠣᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠠᠩᠬᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/1/30
   ᠤᠶᠢᠷ᠎ᠡ ᠶᠢᠨ ᠡᠳᠦᠷ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠶᠤᠸᠠᠢ ᠶᠠᠨ ᠮᠧᠶ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ 2025 ᠣᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠠᠩᠬᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃     ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠬᠤᠷᠠᠯ ᠪᠣᠯᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠠᠴᠠ ᠡᠮᠦᠨᠡᠬᠢ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃     ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠭᠤᠷᠪᠠᠳᠤᠭᠠᠷ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠵᠤ᠂ ᠰᠠᠶᠢᠲᠤᠷ ᠤᠬᠠᠭᠤᠯᠵᠤ᠂ ᠰᠠᠶᠢᠲᠤᠷ ᠲᠤᠭᠤᠰᠢᠯᠠᠭᠤᠯᠵᠤ᠂ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ᠂ ᠲᠡᠷᠢᠭᠦᠯᠡᠭᠴᠢ ᠶᠢᠨ ᠬᠤᠷᠠᠯ᠂ ᠪᠠᠶᠢᠩᠭᠤ ᠶᠢᠨ ᠬᠤᠷᠢᠶ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠰᠤᠷᠤᠯᠴᠠᠯᠭ᠎ᠠ ᠵᠡᠷᠭᠡ ᠪᠠᠷ ᠳᠠᠮᠵᠢᠭᠤᠯᠤᠨ ᠰᠢᠰᠲ᠋ᠧᠮ ᠲᠠᠢ ᠰᠤᠷᠤᠯᠴᠠᠵᠤ᠂ ᠰᠤᠷᠤᠯᠴᠠᠯᠭ᠎ᠠ ᠶᠢ ᠲᠠᠷᠢᠬᠢ ᠲᠣᠯᠣᠭᠠᠶ ᠳᠤ ᠬᠠᠳᠠᠩᠰᠢᠭᠤᠯᠤᠨ ᠰᠡᠳᠬᠢᠯ ᠳᠡᠭᠡᠨ ᠬᠠᠳᠠᠩᠰᠢᠭᠤᠯᠬᠤ ᠶᠢ ᠠᠬᠢᠭᠤᠯᠬᠤ ᠬᠡᠷᠡᠭᠲᠡᠶ᠃ ᠳᠡᠭᠡᠳᠦ ᠬᠡᠮᠵᠢᠶ᠎ᠡ ᠪᠠᠷ ᠬᠠᠷᠢᠭᠤᠴᠠᠬᠤ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ᠂ ᠲᠥᠪ ᠴᠢᠩᠭ᠎ᠠ ᠨᠠᠷᠢᠨ ᠬᠢᠨᠠᠮᠠᠭᠠᠢ ᠠᠵᠢᠯ ᠤᠨ ᠣᠪᠣᠷ᠂ ᠲᠥᠪ ᠴᠢᠩᠭ᠎ᠠ ᠨᠠᠷᠢᠨ ᠬᠢᠨᠠᠮᠠᠭᠠᠢ ᠠᠵᠢᠯ ᠤᠨ ᠰᠤᠷᠲᠠᠯ ᠢᠶᠠᠷ ᠪᠦᠬᠦ ᠬᠤᠳᠠ ᠶᠢᠨ ᠬᠤᠶᠠᠷ ᠬᠤᠷᠠᠯ ᠤᠨ ᠪᠡᠯᠡᠳᠬᠡᠯ ᠠᠵᠢᠯ ᠢ ᠰᠠᠶᠢᠲᠤᠷ ᠬᠢᠵᠦ᠂ ᠪᠦᠬᠦ ᠬᠤᠳᠠ ᠶᠢᠨ ᠬᠤᠶᠠᠷ ᠬᠤᠷᠠᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ᠃ ᠦᠵᠡᠯ ᠰᠠᠨᠠᠭ᠎ᠠ ᠲᠠᠨᠢᠯᠲᠠ ᠪᠠᠨ ᠦᠨᠡᠨ ᠬᠦ ᠳᠡᠭᠡᠭᠰᠢᠯᠡᠭᠦᠯᠵᠦ᠂ ᠬᠤᠯᠪᠣᠭᠳᠠᠯ ᠪᠦᠬᠦᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠭᠤᠣᠯ ᠰᠡᠳᠦᠪ ᠢ ᠪᠠᠲᠤ ᠡᠵᠡᠮᠳᠡᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠴᠢᠩᠭ᠎ᠠ ᠪᠠᠶᠢᠬᠤ ᠶᠢ ᠲᠡᠷᠢᠭᠦᠨ ᠳᠤ ᠲᠠᠯᠪᠢᠵᠤ᠂ 2024 ᠣᠨ ᠤ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠴᠢᠨᠠᠷ ᠰᠠᠶᠢᠲᠠᠢ ᠰᠠᠶᠢᠲᠤᠷ ᠬᠤᠷᠠᠯᠳᠤᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃                                         ᠣᠷᠴᠢᠭᠤᠯᠤᠭᠴᠢ᠄ ᠭᠤᠸ᠎ᠠ                                         ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2