ᠱᠠᠩᠳᠤ ᠰᠢᠶᠠᠨ᠄ ᠬᠤᠳᠠ ᠶᠢᠨ ᠰᠢᠨ᠎ᠡ ᠳᠦᠷᠰᠦ ᠪᠠᠶᠢᠳᠠᠯ ᠢ ᠱᠤᠭᠤᠪᠠ
ᠨᠡᠶᠢᠲᠡᠯᠡᠭᠰᠡᠨ ᠴᠠᠭ᠄
2025/1/30
                 ᠨᠢᠭᠡ ᠳᠤ ᠬᠤᠲᠠ ᠶᠢᠨ ᠵᠠᠰᠠᠯᠲᠠ ᠶᠢ ᠴᠢᠩᠭᠠᠳᠬᠠᠵᠤ᠂ 3 ᠠᠷᠠᠳ ᠲᠤ ᠲᠥᠬᠦᠮ ᠦᠵᠡᠭᠦᠯᠬᠦ ᠵᠠᠬ᠎ᠠ ᠳᠡᠯᠭᠡᠭᠦᠷ ᠢ ᠵᠢᠷᠤᠮᠵᠢᠭᠤᠯᠤᠨ ᠬᠠᠮᠢᠶᠠᠷᠴᠤ᠂ ᠨᠡᠭᠦᠳᠡᠯ ᠲᠠᠷᠢᠶᠠᠴᠢᠨ ᠡᠷᠦᠬᠡ ᠪᠠ ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠤ ᠨᠡᠭᠦᠳᠡᠯ ᠵᠢᠵᠢᠭ ᠬᠤᠳᠠᠯᠳᠤᠭᠠᠴᠢᠨ ᠢ ᠢᠳᠡᠪᠬᠢᠲᠡᠶ ᠪᠠᠷ ᠬᠥᠲᠥᠯᠦᠨ ᠵᠢᠯᠣᠭᠤᠳᠴᠤ ᠪᠠᠶᠢᠭᠠᠳ ᠬᠤᠲᠠ ᠳᠤ ᠲᠦᠷ ᠴᠠᠭ ᠪᠣᠷᠣᠯᠠᠭᠤᠯᠵᠤ᠂ ᠬᠡᠰᠡᠭ ᠨᠡᠭᠦᠳᠡᠯ ᠳᠡᠯᠭᠡᠭᠦᠷ ᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠶᠢᠨ ᠬᠠᠮᠲᠤ ᠴᠠᠭᠠᠵᠠᠯᠠᠵᠤ᠂ ᠵᠠᠮ ᠡᠵᠡᠯᠡᠨ ᠡᠵᠡᠩᠨᠡᠬᠦ᠂ ᠡᠭᠦᠳᠡ ᠠᠯᠤᠰᠯᠠᠨ ᠪᠠᠷᠠᠭ᠎ᠠ ᠣᠷᠣᠭᠤᠯᠬᠤ ᠦᠢᠯᠡ ᠠᠵᠢᠯᠯᠠᠭ᠎ᠠ ᠶᠢ ᠴᠡᠭᠴᠡᠯᠡᠨ ᠵᠠᠰᠠᠪᠡ᠃ ᠡᠯ᠎ᠡ ᠲᠥᠷᠥᠯ ᠤᠨ ᠡᠪᠳᠡᠷᠡᠵᠦ ᠰᠦᠢᠳᠦᠭᠰᠡᠨ ᠫᠠᠶᠢᠰᠠ ᠢᠯᠡᠷᠬᠡᠶᠢᠯᠡᠯ᠂ ᠲᠣᠭᠲᠠᠭᠠᠯ ᠠᠴᠠ ᠵᠥᠷᠢᠴᠡᠭᠰᠡᠨ ᠬᠡᠷ ᠤᠨ ᠭᠠᠳᠠᠨᠠᠬᠢ ᠵᠠᠷ ᠮᠡᠳᠡᠭᠡ ᠶᠢᠨ ᠫᠠᠶᠢᠰᠠ ᠢᠯᠡᠷᠬᠡᠶᠢᠯᠡᠯ ᠢ ᠵᠠᠭᠤ ᠭᠠᠷᠤᠶ ᠪᠠᠶᠢᠴᠠᠭᠠᠨ ᠰᠢᠢᠳᠪᠦᠷᠢᠯᠡᠵᠦ᠂ ᠳᠤᠷ᠎ᠠ ᠪᠠᠷ ᠢᠶᠠᠨ ᠠᠯᠠᠵᠤ ᠨᠢᠲᠤᠯᠬᠤ ᠴᠡᠭ 38 ᠭᠠᠵᠠᠷ ᠢ ᠬᠠᠤᠯᠢ ᠶᠣᠰᠣᠭᠠᠷ ᠬᠦᠴᠦᠨ ᠥᠬᠡᠶ ᠪᠣᠯᠭᠠᠪᠠ᠃ ᠪᠠᠷᠢᠯᠭ᠎ᠠ ᠶᠢᠨ ᠬᠤᠭ ᠨᠣᠪᠰᠢ ᠶᠢᠨ ᠴᠡᠭ ᠲᠤ 25 ᠬᠢᠨᠠᠨ ᠡᠵᠡᠮᠰᠢᠯ ᠤᠭᠰᠠᠷᠠᠵᠤ᠂ ᠰᠡᠷᠡᠮᠵᠢ ᠶᠢᠨ ᠫᠠᠶᠢᠰᠠ 20 ᠭᠠᠷᠭᠠᠵᠤ᠂ ᠵᠡᠭᠡᠯᠢ ᠳᠠᠭᠠᠭᠰᠠᠨ ᠬᠤᠳᠠᠯᠳᠤᠭᠠᠨ ᠤ ᠡᠷᠦᠬᠡ ᠶᠢᠨ ᠵᠠᠰᠠᠵᠤ ᠴᠢᠮᠡᠭᠯᠡᠭᠰᠡᠨ ᠬᠤᠭ ᠨᠣᠪᠰᠢ ᠵᠢᠴᠢ ᠪᠤᠰᠤᠳ ᠪᠠᠷᠢᠯᠭ᠎ᠠ ᠶᠢᠨ ᠬᠤᠭ ᠨᠣᠪᠰᠢ ᠶᠢ ᠲᠡᠭᠡᠭᠡᠪᠦᠷᠢᠯᠡᠬᠦ ᠶᠠᠪᠤᠴᠠ ᠳᠤ ᠪᠥᠬᠦ ᠶᠠᠪᠤᠴᠠ ᠳᠤ ᠬᠢᠨᠠᠯᠲᠠ ᠲᠠᠯᠪᠢᠵᠤ᠂ ︽ᠭᠤᠷᠪᠠᠨ ᠬᠤᠯᠪᠣᠭᠠᠯᠠᠭᠰᠠᠨ ᠬᠠᠭᠤᠳᠠᠰᠤ︾ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠪᠡ᠃    ᠬᠤᠶᠠᠷ ᠲᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠨᠠᠷᠢᠯᠢᠭ ᠵᠠᠰᠠᠵᠤ᠂ ᠠᠩᠬᠠᠳᠠᠭᠴᠢ ᠬᠤᠭᠤᠯᠠᠨ ᠭᠡᠷ ᠤᠨ ᠬᠤᠭ ᠨᠣᠪᠰᠢ ᠶᠢ ᠰᠢᠢᠳᠪᠦᠷᠢᠯᠡᠬᠦ ᠦᠢᠯᠡᠳᠪᠦᠷᠢ ᠵᠢᠩᠬᠢᠨᠢ ᠪᠠᠷ ᠠᠰᠢᠭᠯᠠᠯᠲᠠ ᠳᠤ ᠣᠷᠣᠵᠤ᠂ ᠬᠤᠭᠤᠯᠠᠨ ᠭᠡᠷ ᠤᠨ ᠬᠤᠭ ᠨᠣᠪᠰᠢ ᠶᠢ ᠰᠢᠢᠳᠪᠦᠷᠢᠯᠡᠬᠦ ᠴᠢᠳᠠᠪᠤᠷᠢ 3T/h ᠳᠤ ᠬᠦᠷᠴᠦ᠂ 2024 ᠣᠨ ᠳᠤ ᠪᠥᠬᠦ ᠵᠢᠯ ᠳᠤ 200 ᠭᠠᠷᠤᠢ ᠲᠣᠨ ᠬᠤᠭᠤᠯᠠᠨ ᠭᠡᠷ ᠤᠨ ᠬᠤᠭ ᠨᠣᠪᠰᠢ ᠶᠢ ᠰᠢᠢᠳᠪᠦᠷᠢᠯᠡᠪᠡ᠃ ᠬᠤᠲᠠ ᠬᠥᠳᠡᠭᠡ ᠶᠢᠨ ᠠᠭᠤᠯᠵᠠᠷ ᠬᠡᠰᠡᠭ᠂ ᠬᠤᠲᠠ ᠶᠢᠨ ᠲᠡᠭᠦᠷᠭᠡ ᠶᠢᠨ ᠲᠣᠰᠬᠤᠨ᠂ ᠲᠡᠮᠦᠷ ᠵᠠᠮ ᠳᠠᠭᠠᠤ ᠪᠠ ᠬᠤᠲᠠ ᠶᠢᠨ ᠭᠠᠳᠠᠭᠤᠷᠬᠢ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢ ᠥᠷᠨᠢᠭᠦᠯᠵᠦ᠂ ᠡᠵᠡᠨ ᠥᠬᠡᠶ ᠪᠠᠷ ᠪᠠᠷᠢᠯᠭ᠎ᠠ ᠶᠢᠨ ᠬᠤᠭ ᠨᠣᠪᠰᠢ ᠶᠢ ᠳᠤᠷ᠎ᠠ ᠪᠠᠷ ᠢᠶᠠᠨ ᠣᠪᠣᠭᠠᠯᠠᠵᠤ ᠲᠠᠯᠪᠢᠬᠤ ᠶᠠᠪᠤᠳᠠᠯ ᠢ ᠲᠥᠪᠯᠡᠷᠡᠭᠦᠯᠦᠨ ᠴᠡᠪᠡᠷᠯᠡᠵᠦ᠂ ᠣᠲᠣ ᠪᠣᠯᠲᠠᠯ᠎ᠠ᠂ ᠪᠠᠷᠢᠯᠭ᠎ᠠ ᠶᠢᠨ ᠬᠠᠶᠠᠭᠳᠠᠮᠠᠯ ᠰᠢᠷᠣᠶ ᠶᠢ 7 ᠲᠦᠮᠡ ᠭᠠᠷᠤᠶ ᠲᠣᠨ ᠴᠡᠪᠡᠷᠯᠡᠵᠦ᠂ ᠲᠡᠭᠰᠢᠯᠡᠬᠦ ᠲᠠᠯᠠᠪᠠᠶ ᠨᠢ 1 ᠲᠦᠮᠡ ᠭᠠᠷᠤᠶ ᠲᠡᠭᠰᠢ ᠳᠥᠷᠪᠡᠯᠵᠢᠨ ᠮᠧᠲᠷ ᠪᠠᠶᠢᠵᠤ᠂ ᠨᠡᠶᠢᠲᠡ ᠶᠢᠨ ᠵᠣᠷᠯᠣᠩ ᠢ ᠬᠠᠮᠢᠶᠠᠷᠬᠤ ᠪᠠ ᠠᠷᠢᠭᠤᠨ ᠴᠡᠪᠡᠷ ᠢ ᠬᠠᠮᠠᠭᠠᠯᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠨᠡᠶᠢᠲᠡ ᠶᠢᠨ ᠵᠣᠷᠯᠣᠩ ᠢ ᠪᠠᠷᠢᠮᠵᠢᠶᠠᠵᠢᠭᠤᠯᠬᠤ ᠪᠠ ᠵᠢᠷᠤᠮᠵᠢᠭᠤᠯᠤᠨ ᠠᠵᠢᠯᠯᠠᠭᠤᠯᠬᠤ ᠶᠢ ᠪᠡᠶᠡᠯᠡᠭᠦᠯᠪᠡ᠃    ᠭᠤᠷᠪᠠ ᠳᠤ᠂ ᠬᠤᠲᠠ ᠶᠢᠨ ᠶᠠᠪᠤᠵᠤ ᠰᠠᠭᠤᠬᠤ ᠶᠢ ᠰᠢᠯᠢᠳᠡᠭᠵᠢᠭᠦᠯᠵᠦ᠂ ᠬᠤᠲᠠ ᠶᠢᠨ ᠲᠣᠭᠤᠷᠢᠭ ᠲᠤ ︽ᠲᠡᠷᠭᠡ ᠵᠣᠭᠰᠣᠭᠠᠬᠤ ᠳᠤ ᠬᠦᠴᠢᠷᠲᠡᠶ︾ ᠪᠠᠶᠢᠬᠤ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ᠂ ᠠᠷᠠᠳ ᠲᠤ ᠲᠥᠬᠦᠮ ᠦᠵᠡᠭᠦᠯᠬᠦ ᠵᠠᠬ᠎ᠠ ᠳᠡᠯᠭᠡᠭᠦᠷ᠂ ᠡᠮᠨᠡᠯᠭᠡ ᠶᠢᠨ ᠬᠤᠷᠢᠶ᠎ᠠ ᠵᠡᠷᠭᠡ ᠲᠡᠷᠭᠡ ᠵᠣᠭᠰᠣᠭᠠᠬᠤ ᠬᠡᠷᠡᠭᠴᠡᠭᠡ ᠱᠠᠭᠠᠷᠳᠠᠯᠭ᠎ᠠ ᠲᠥᠪᠯᠡᠷᠡᠭᠰᠡᠨ ᠣᠷᠣᠨ ᠪᠦᠰᠡ ᠳᠤ ᠮᠠᠰᠢᠨ ᠲᠡᠷᠭᠡᠨ ᠤ ᠲᠡᠷᠭᠡᠨ ᠵᠣᠭᠰᠣᠭᠠᠯ ᠢ ᠪᠠᠷᠤᠭ 500 ᠭᠠᠷᠤᠶ ᠰᠢᠨ᠎ᠡ ᠪᠠᠷ ᠨᠡᠮᠡᠭᠳᠡᠭᠦᠯᠵᠦ᠂ ᠮᠠᠰᠢᠨᠲᠤ ᠪᠤᠰᠤ ᠲᠡᠷᠭᠡᠨ ᠤ ᠲᠡᠷᠭᠡᠨ ᠵᠣᠭᠰᠣᠭᠠᠯ ᠢ 50 ᠭᠠᠷᠤᠶ ᠰᠢᠨ᠎ᠡ ᠪᠠᠷ ᠨᠡᠮᠡᠭᠳᠡᠭᠦᠯᠪᠡ᠃                        ᠤᠷᠴᠢᠭᠤᠯᠤᠭᠴᠢ᠄ ᠬᠦᠰᠡᠯ                        ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2