| | ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠴᠠᠪ ᠬᠤᠲᠠ ᠶᠢᠨ ᠲᠠᠪᠤᠳᠤᠭᠠᠷ ᠬᠤᠭᠤᠴᠠᠭᠠᠨ ᠤ | ᠬᠤᠷᠢᠶᠠᠨ ᠤ ᠶᠢᠰᠦᠳᠦᠭᠡᠷ ᠪᠥᠬᠦᠳᠡ ᠬᠤᠷᠠᠯ ᠤᠨ ᠠᠯᠪᠠᠨ ᠮᠡᠳᠡᠭᠡ | ︵2025 ᠣᠨ ᠤ 1 ᠰᠠᠷ᠎ᠠ ᠶᠢᠨ 3 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠴᠠᠪ | ᠬᠤᠲᠠ ᠶᠢᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠶᠢᠰᠦᠳᠦᠭᠡᠷ ᠪᠥᠬᠦᠳᠡ ᠬᠤᠷᠠᠯ ᠠᠴᠠ ᠪᠠᠲᠤᠯᠠᠪᠠ︶ | ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠴᠠᠪ ᠬᠤᠲᠠ ᠶᠢᠨ ᠲᠠᠪᠤᠳᠤᠭᠠᠷ ᠬᠤᠭᠤᠴᠠᠭᠠᠨ ᠤ | ᠬᠤᠷᠢᠶᠠᠨ ᠤ ᠶᠢᠰᠦᠳᠦᠭᠡᠷ ᠪᠥᠬᠦᠳᠡ ᠬᠤᠷᠠᠯ ᠵᠢᠴᠢ ᠪᠥᠬᠦ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯ | 2025 ᠣᠨ ᠤ 1 ᠰᠠᠷ᠎ᠠ ᠶᠢᠨ 3 ᠤ ᠡᠳᠦᠷ ᠵᠢᠨᠢᠩ ᠳᠤ ᠬᠤᠷᠠᠯᠳᠤᠪᠠ᠃ | ᠳᠤᠰ ᠤᠳᠠᠭᠠᠨ ᠤ ᠪᠥᠬᠦᠳᠡ ᠬᠤᠷᠠᠯ ᠳᠤ ᠬᠤᠲᠠ ᠶᠢᠨ ᠨᠠᠮ ᠤᠨ ᠬᠤᠷᠢᠶᠠᠨ ᠤ ᠭᠡᠰᠢᠭᠦᠨ 48 ᠬᠥᠮᠦᠨ᠂ | ᠣᠷᠣᠯᠠᠭᠴᠢ ᠭᠡᠰᠢᠭᠦᠨ 11 ᠬᠥᠮᠦᠨ ᠣᠷᠣᠯᠴᠠᠪᠠ᠃ ᠬᠤᠲᠠ ᠶᠢᠨ ᠬᠤᠯᠪᠣᠭᠳᠠᠯ ᠪᠦᠬᠦᠢ ᠤᠳᠤᠷᠢᠳᠬᠤ ᠨᠥᠬᠦᠳ᠂ | ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠭᠡᠰᠢᠭᠦᠨ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ | ᠪᠣᠯᠤᠨ ᠬᠤᠯᠪᠣᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠨ ᠨᠥᠬᠦᠳ᠂ ᠮᠠᠨ ᠤ ᠬᠤᠲᠠ ᠶᠢᠨ ᠥᠪᠡᠷᠲᠡᠭᠡᠨ ᠵᠠᠰᠠᠬᠤ | ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠣᠷᠣᠯᠴᠠᠭᠰᠠᠨ | ᠬᠡᠰᠡᠭ ᠲᠥᠯᠥᠭᠡᠯᠡᠭᠴᠢ ᠪᠣᠯᠤᠨ ᠬᠤᠲᠠ ᠶᠢᠨ ᠲᠠᠪᠤᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠬᠡᠰᠡᠭ ᠦᠨᠳᠦᠰᠦᠨ ᠱᠠᠲᠤᠨ ᠤ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠪᠠ᠃ | | | | 1 ᠰᠠᠷ᠎ᠠ ᠶᠢᠨ 3 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠵᠧᠤ ᠺᠠᠶ ᠳᠤᠮᠳᠠᠳᠤ ᠤᠯᠤᠰ ᠤᠨ | ᠡᠪ ᠬᠠᠮᠲᠤ ᠨᠠᠮ ᠤᠨ ᠤᠯᠠᠭᠠᠨᠴᠠᠪ ᠬᠤᠲᠠ ᠶᠢᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠶᠢᠰᠦᠳᠦᠭᠡᠷ ᠪᠥᠬᠦᠳᠡ | ᠬᠤᠷᠠᠯ ᠵᠢᠴᠢ ᠪᠥᠬᠦ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯ ᠳᠡᠭᠡᠷ᠎ᠡ ᠶᠠᠷᠢᠶ᠎ᠠ ᠲᠠᠯᠪᠢᠪᠠ᠃ ᠵᠸᠦ ᠸᠧᠢ | ᠪᠢᠩ ᠰᠡᠭᠦᠲᠡᠷᠯᠡᠪᠡ | ᠪᠥᠬᠦᠳᠡ ᠬᠤᠷᠠᠯ ᠢ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠡᠷᠬᠢᠯᠡᠪᠡ᠃ ᠬᠤᠲᠠ ᠶᠢᠨ | ᠨᠠᠮ ᠤᠨ ᠬᠤᠷᠢᠶᠠᠨ ᠤ ᠱᠦᠵᠢ ᠵᠧᠤ ᠺᠠᠶ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ | ᠳᠠᠷᠤᠭ᠎ᠠ ᠴᠢ ᠹᠸᠢ ᠶᠦᠨ ᠲᠣᠰ ᠲᠣᠰ ᠶᠠᠷᠢᠶ᠎ᠠ ᠲᠠᠯᠪᠢᠪᠠ᠃ | ᠪᠥᠬᠦᠳᠡ ᠬᠤᠷᠠᠯ ᠠᠴᠠ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 2024 ᠣᠨ ᠤ | ᠠᠵᠢᠯ ᠤᠨ ᠲᠤᠬᠠᠶ ᠮᠡᠳᠡᠭᠦᠯᠦᠯᠲᠡ ᠶᠢ ᠰᠣᠨᠣᠰᠤᠨ ᠶᠠᠷᠢᠯᠴᠠᠵᠤ᠂ 2025 ᠣᠨ ᠤ ᠭᠤᠣᠯᠳᠠᠯᠭ᠎ᠠ ᠲᠠᠢ ᠠᠵᠢᠯ ᠢ | ᠪᠠᠶᠢᠷᠢᠯᠠᠭᠤᠯᠪᠠ᠃ | | | | 1 ᠰᠠᠷ᠎ᠠ ᠶᠢᠨ 3 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠴᠠᠪ ᠬᠤᠲᠠ ᠶᠢᠨ | ᠲᠠᠪᠤᠳᠤᠭᠠᠷ ᠬᠤᠭᠤᠴᠠᠭᠠᠨ ᠤ ᠬᠤᠷᠢᠶᠠᠨ ᠤ ᠶᠢᠰᠦᠳᠦᠭᠡᠷ ᠪᠥᠬᠦᠳᠡ ᠬᠤᠷᠠᠯ ᠵᠢᠴᠢ ᠪᠥᠬᠦ ᠬᠤᠲᠠ ᠶᠢᠨ ᠠᠵᠤ | ᠠᠬᠤᠶ ᠶᠢᠨ ᠠᠵᠢᠯ ᠤᠨ ᠬᠤᠷᠠᠯ ᠵᠢᠨᠢᠩ ᠳᠤ ᠬᠤᠷᠠᠯᠳᠤᠪᠠ᠃ ᠭᠦᠸᠧ ᠰᠢᠶᠣᠤ ᠶᠠᠨ ᠰᠡᠭᠦᠳᠡᠷᠯᠡᠪᠡ | ᠪᠥᠬᠦᠳᠡ ᠬᠤᠷᠠᠯ ᠠᠴᠠ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠥᠩᠭᠡᠷᠡᠭᠰᠡᠨ ᠨᠢᠭᠡ | ᠵᠢᠯ ᠤᠨ ᠠᠵᠢᠯ ᠢ ᠭᠦᠢᠴᠡᠳ ᠨᠤᠲᠠᠯᠠᠪᠠ᠃ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ | ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠬᠦᠳᠡ ᠬᠤᠷᠠᠯ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠳᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ | ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠪᠦᠬᠦ ᠬᠤᠳᠠ ᠶᠢᠨ | ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠦᠴᠢᠷ ᠢ ᠲᠤᠭᠤᠯᠤᠨ | ᠪᠡᠷᠬᠡ ᠶᠢ ᠳᠠᠪᠠᠵᠤ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ︽ᠬᠤᠶᠠᠷ ᠢ ᠬᠠᠮᠠᠭᠠᠯᠠᠬᠤ︾ ᠶᠢ ᠨᠡᠩ ᠡᠷᠡᠰ ᠪᠠᠲᠤ | ᠦᠢᠯᠡᠳᠦᠯᠭᠡᠵᠢᠭᠦᠯᠵᠦ᠂ ᠠᠵᠤ ᠠᠬᠤᠢ ᠶᠢᠨ ᠬᠥᠭᠵᠢᠯᠲᠡ ᠲᠣᠭᠲᠠᠭᠤᠨ ᠤ ᠳᠤᠮᠳᠠ ᠤᠷᠤᠭᠰᠢᠯᠠᠵᠤ᠂ ᠬᠤᠶᠠᠷ ᠶᠡᠭᠡ | ᠶᠠᠪᠤᠳᠠᠯ ᠪᠣᠳᠠᠲᠤ ᠦᠷ᠎ᠡ ᠪᠦᠲᠦᠮᠵᠢ ᠣᠯᠵᠤ᠂ ︽ᠵᠢᠷᠭᠤᠭᠠᠨ ᠢᠨᠵᠧᠨᠧᠷᠢᠩ︾ ᠢ ᠪᠣᠳᠠᠲᠠᠢ ᠳᠤ | ᠨᠠᠶᠢᠳᠠᠪᠤᠷᠢᠵᠢᠭᠤᠯᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠦᠷᠭᠦᠯᠵᠢᠯᠡᠨ ᠰᠠᠶᠢᠵᠢᠷᠠᠭᠤᠯᠵᠤ᠂ ᠨᠠᠮ ᠤᠨ | ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠪᠦᠲᠦᠮᠵᠢᠲᠡᠢ | ᠨᠠᠶᠢᠳᠠᠪᠤᠷᠢᠵᠢᠭᠤᠯᠪᠠ ᠭᠡᠵᠤ ᠰᠠᠨᠠᠯ ᠨᠢᠬᠡᠳᠡᠢ ᠦᠵᠡᠪᠡ᠃ | ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠡᠨᠡ ᠵᠢᠯ ᠤᠨ ᠠᠵᠢᠯ ᠢ ᠰᠠᠶᠢᠲᠤᠷ ᠬᠢᠬᠦ ᠳᠤ᠂ ᠶᠡᠷᠦᠩᠬᠡᠶ | ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠥᠬᠦ | ᠲᠠᠯ᠎ᠠ ᠪᠠᠷ ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠨᠢᠭᠡ ᠭᠤᠤᠯ ᠱᠤᠭᠤᠮ ᠢ ᠲᠤᠭᠤᠰᠢᠯᠠᠭᠤᠯᠤᠨ᠂ ᠬᠤᠶᠠᠷ | ᠶᠡᠭᠡ ᠶᠠᠪᠤᠳᠠᠯ ᠢ ᠰᠠᠶᠢᠲᠤᠷ ᠬᠢᠵᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠰᠢᠨ᠎ᠡ ᠵᠠᠮ ᠢᠶᠠᠷ | ᠠᠶᠠᠯᠠᠵᠤ᠂ ᠳᠤᠮᠳᠠ ᠵᠤᠭᠠᠴᠠᠯ ᠳᠤ ᠣᠷᠣᠬᠤ︾ ᠶᠢᠨ ᠳᠤᠭᠤᠷᠢᠨ ᠳᠤ᠂ ᠨᠠᠮ ᠤᠨ ᠪᠠᠶᠢᠭᠤᠯᠤᠯᠲᠠ ᠪᠠᠷ | ᠵᠢᠯᠣᠭᠤᠳᠣᠯᠭ᠎ᠠ ᠪᠣᠯᠭᠠᠨ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ | ᠠᠵᠤ ᠦᠢᠯᠡᠰ ᠤᠨ ᠪᠦᠲᠦᠴᠡ ᠶᠢ ᠳᠣᠭᠢᠷᠠᠭᠤᠯᠤᠨ ᠰᠢᠯᠢᠳᠡᠭᠵᠢᠭᠦᠯᠵᠦ᠂ ︽ᠠᠷᠪᠠᠨ ᠳᠥᠷᠪᠡᠳᠦᠭᠡᠷ ᠲᠠᠪᠤᠨ ᠵᠢᠯ︾ | ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠵᠦ᠂ ︽ᠠᠷᠪᠠᠨ ᠲᠠᠪᠤᠳᠤᠭᠠᠷ | ᠲᠠᠪᠤᠨ ᠵᠢᠯ︾ ᠤᠨ ᠲᠥᠯᠥᠪᠵᠢᠭᠦᠯᠭᠡ ᠶᠢᠨ ᠰᠠᠶᠢᠨ ᠡᠬᠢᠯᠡᠯᠲᠡ ᠶᠢ ᠪᠡᠶᠡᠯᠡᠭᠦᠯᠬᠦ ᠳᠤ ᠪᠠᠲᠤ ᠰᠠᠭᠤᠷᠢ ᠲᠠᠯᠪᠢᠬᠤ | ᠬᠡᠷᠡᠭᠲᠡᠶ ᠭᠡᠵᠡᠢ᠃ | ᠪᠦᠬᠦᠳᠡ ᠬᠤᠷᠠᠯ ᠠᠴᠠ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠲᠣᠭᠲᠠᠭᠤᠨ ᠤ ᠳᠤᠮᠳᠠ | ᠤᠷᠤᠭᠰᠢᠯᠠᠨ ᠲᠠᠪᠰᠢᠬᠤ ᠶᠢ ᠪᠠᠷᠢᠮᠲᠠᠯᠠᠵᠤ᠂ ᠤᠷᠤᠭᠰᠢᠯᠠᠬᠤ ᠪᠠᠷ ᠲᠣᠭᠲᠠᠭᠤᠨ ᠢ ᠠᠬᠢᠭᠤᠯᠵᠤ᠂ ᠲᠥᠪ ᠶᠣᠰᠣ ᠶᠢ | ᠪᠠᠷᠢᠮᠲᠠᠯᠠᠨ ᠰᠢᠨ᠎ᠡ ᠶᠢ ᠡᠭᠦᠳᠴᠦ᠂ ᠤᠷᠢᠳ ᠢᠶᠠᠷ ᠪᠠᠶᠢᠭᠤᠯᠵᠤ ᠳᠠᠷᠠᠭ᠎ᠠ ᠨᠢ ᠡᠪᠳᠡᠬᠦ ᠶᠢ ᠪᠠᠷᠢᠮᠲᠠᠯᠠᠵᠤ᠂ | ᠰᠢᠰᠲ᠋ᠧᠮ ᠲᠠᠢ ᠬᠤᠷᠠᠮᠳᠤᠭᠤᠯᠵᠤ᠂ ᠬᠠᠮᠵᠢᠯᠴᠠᠬᠤ ᠶᠢ ᠪᠠᠷᠢᠮᠲᠠᠯᠠᠵᠤ᠂ ᠦᠵᠡᠯ ᠰᠠᠨᠠᠭ᠎ᠠ ᠪᠠᠨ ᠴᠢᠯᠥᠭᠡᠯᠡᠵᠦ᠂ | ᠦᠵᠡᠯᠲᠡ ᠪᠠᠨ ᠰᠢᠨᠡᠳᠬᠡᠬᠦ ᠶᠢ ᠪᠠᠷᠢᠮᠲᠠᠯᠠᠬᠤ ᠬᠡᠷᠡᠭᠲᠡᠢ ᠭᠡᠵᠤ ᠴᠢᠬᠤᠯᠠᠴᠢᠯᠠᠪᠠ᠃ | ᠪᠥᠬᠦᠳᠡ ᠬᠤᠷᠠᠯ ᠠᠴᠠ᠂ ᠲᠡᠮᠦᠷ ᠤᠨ ᠬᠠᠶᠢᠯᠤᠰᠢ᠂ ᠰᠢᠨ᠎ᠡ ᠡᠨᠧᠷᠭᠢ᠂ ᠲᠣᠮᠣ ᠳ᠋ᠠᠶᠢᠲ᠋ᠠ᠂ ᠰᠢᠨ᠎ᠡ ᠮᠠᠲ᠋ᠧᠷᠢᠶᠠᠯ᠂ | ᠲᠥᠮᠥᠰᠥ᠂ ᠰᠣᠶᠣᠯ ᠵᠢᠭᠤᠯᠴᠢᠯᠠᠯ ᠵᠡᠷᠭᠡ ᠠᠵᠤ ᠦᠢᠯᠡᠰ ᠪᠣᠯ ᠪᠢᠳᠡᠨ ᠤ ᠬᠤᠭᠤᠯᠠ ᠢᠳᠡᠬᠦ ᠠᠵᠤ ᠦᠢᠯᠡᠰ ᠪᠣᠯᠬᠤ | ᠪᠥᠭᠡᠳ ᠪᠠᠰᠠ ᠴᠤ ᠢᠷᠡᠭᠡᠳᠦᠶ ᠶᠢᠨ ᠭᠤᠤᠯ ᠲᠤᠯᠭᠠᠭᠤᠷᠢ ᠠᠵᠤ ᠦᠢᠯᠡᠰ ᠪᠣᠯᠤᠨ᠎ᠠ᠃ ᠭᠠᠵᠠᠷ ᠣᠷᠣᠨ ᠤ | ᠪᠠᠶᠢᠳᠠᠯ ᠳᠠᠭᠠᠨ ᠲᠤᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ᠪᠣᠬᠢᠷᠲᠤᠯ | ᠦᠭᠡᠢ᠂ ᠤᠶᠤᠨᠴᠢᠯᠠᠭᠰᠠᠨ᠂ ᠣᠳᠣᠬᠢᠴᠢᠯᠠᠭᠰᠠᠨ ᠠᠴᠠ ᠪᠤᠳᠤᠯᠬᠢᠯᠠᠵᠤ᠂ ᠨᠢᠭᠡ ᠮᠢᠩᠭᠠᠨ ᠳ᠋ᠦᠩᠰᠢᠭᠤᠷ᠂ ᠨᠢᠭᠡ | ᠪᠦᠯᠦᠭ ᠵᠠᠭᠤᠨ ᠳ᠋ᠦᠩᠰᠢᠭᠤᠷ ᠠᠵᠤ ᠦᠢᠯᠡᠰ ᠤᠨ ᠪᠦᠯᠦᠭᠵᠢᠯ ᠢ ᠬᠦᠴᠦᠯᠡᠨ ᠪᠤᠶᠢᠵᠢᠭᠤᠯᠬᠤ ᠬᠡᠷᠡᠭᠲᠡᠢ᠃ ᠪᠣᠬᠢᠷᠲᠤᠯ | ᠦᠭᠡᠢ ᠲᠡᠮᠦᠷ ᠤᠨ ᠬᠠᠶᠢᠯᠤᠰᠢ ᠶᠢᠨ ᠠᠵᠤ ᠦᠢᠯᠡᠰ ᠢ ᠬᠦᠴᠦᠷᠬᠡᠭᠵᠢᠭᠦᠯᠦᠨ ᠰᠢᠯᠢᠳᠡᠭᠵᠢᠭᠦᠯᠵᠦ᠂ ᠮᠡᠷᠭᠡᠵᠢᠯ ᠤᠨ | ᠥᠭᠡᠷᠡᠴᠢᠯᠡᠯᠲᠡ ᠶᠢ ᠲᠡᠰ ᠳᠡᠪᠰᠢᠭᠦᠯᠬᠦ ᠪᠠ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠬᠦ ᠳᠡᠭᠡᠷ᠎ᠡ | ᠦᠷᠭᠦᠯᠵᠢᠯᠡᠨ ᠬᠦᠴᠦ ᠲᠠᠯᠪᠢᠵᠤ᠂ ᠪᠦᠬᠦ ᠤᠯᠤᠰ ᠤᠨ ᠲᠤᠨᠤᠭ ᠲᠥᠬᠦᠭᠡᠷᠦᠮᠵᠢ ᠶᠢᠨ ᠲᠦᠪᠰᠢᠨ ᠢᠶᠠᠷ | ᠣᠷᠦ᠋ᠢᠯᠠᠭᠰᠠᠨ ᠪᠣᠬᠢᠷᠲᠤᠯ ᠦᠭᠡᠢ ᠲᠡᠮᠦᠷ ᠤᠨ ᠬᠠᠶᠢᠯᠤᠰᠢ ᠶᠢᠨ ᠦᠢᠯᠡᠳᠪᠦᠷᠢᠯᠡᠯ ᠤᠨ ᠰᠠᠭᠤᠷᠢᠨ ᠢ ᠪᠠᠶᠢᠭᠤᠯᠬᠤ | ᠬᠡᠷᠡᠭᠲᠡᠢ᠃ ᠰᠢᠨ᠎ᠡ ᠡᠨᠧᠷᠭᠢ ᠶᠢᠨ ᠠᠵᠤ ᠦᠢᠯᠡᠰ ᠢ ᠬᠦᠴᠦᠷᠬᠡᠭᠵᠢᠭᠦᠯᠦᠨ ᠰᠢᠯᠢᠳᠡᠭᠵᠢᠭᠦᠯᠵᠦ᠂ ᠨᠢᠭᠡ ᠲᠠᠯ᠎ᠠ ᠪᠠᠷ | ᠮᠠᠰᠢᠨ ᠴᠣᠭᠴᠠᠯᠠᠪᠤᠷᠢ ᠶᠢᠨ ᠬᠡᠪᠴᠢᠶ᠎ᠡ ᠶᠢ ᠠᠳᠬᠤᠵᠤ᠂ ᠲᠤᠮᠤ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠭᠡᠷᠡᠯ | ᠴᠡᠨᠡᠭ ᠤᠨ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠰᠠᠯᠬᠢ ᠭᠡᠷᠡᠯ ᠤᠨ | ᠡᠬᠢ ᠪᠠᠶᠠᠯᠢᠭ ᠤᠨ ᠳᠠᠪᠠᠭᠤᠯᠢᠭ ᠢ ᠠᠵᠤ ᠦᠢᠯᠡᠰ ᠤᠨ ᠳᠠᠪᠠᠭᠤᠯᠢᠭ ᠪᠣᠯᠭᠠᠨ ᠬᠤᠪᠢᠷᠠᠭᠤᠯᠬᠤ ᠬᠡᠷᠡᠭᠲᠡᠢ︔ ᠨᠢᠭᠡ | ᠲᠠᠯ᠎ᠠ ᠪᠠᠷ ᠰᠢᠩᠭᠡᠭᠡᠨ ᠪᠠᠭᠳᠠᠭᠠᠨ ᠠᠪᠴᠤ ᠬᠡᠷᠡᠭᠯᠡᠬᠦ ᠶᠢ ᠠᠳᠬᠤᠵᠤ᠂ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ | ᠨᠥᠬᠦᠪᠦᠷᠢᠯᠡᠬᠦ ᠪᠠᠷ ᠪᠤᠬᠢᠷᠳᠤᠯ ᠦᠬᠡᠢ ᠴᠠᠬᠢᠯᠭᠠᠨ ᠢ ᠰᠢᠩᠭᠡᠭᠡᠨ ᠪᠠᠭᠲᠠᠭᠠᠨ ᠬᠡᠷᠡᠭᠯᠡᠬᠦ ᠳᠠᠯᠠᠪᠤᠷ ᠢ ᠥᠷᠭᠡᠳᠬᠡᠵᠦ᠂ | ᠪᠣᠬᠢᠷᠲᠤᠯ ᠦᠭᠡᠢ ᠤᠰᠤᠲᠥ᠋ᠷᠥᠭᠴᠢ ᠶᠢᠨ ︽ᠦᠢᠯᠡᠳᠴᠦ ᠬᠠᠳᠠᠭᠠᠯᠠᠬᠤ ᠳᠠᠮᠵᠢᠭᠤᠯᠬᠤ ᠬᠡᠷᠡᠭᠯᠡᠬᠦ︾ ᠪᠦᠬᠦ ᠠᠵᠤ | ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠠᠬᠢᠭᠤᠯᠬᠤ ᠬᠡᠷᠡᠭᠲᠡᠢ᠃ ᠲᠤᠮᠤ ᠳ᠋ᠠᠶᠢᠲ᠋ᠠ ᠶᠢᠨ ᠠᠵᠤ ᠦᠢᠯᠡᠰ ᠢ | ᠬᠦᠴᠦᠷᠬᠡᠭᠵᠢᠭᠦᠯᠦᠨ ᠰᠢᠯᠢᠳᠡᠭᠵᠢᠭᠦᠯᠵᠦ᠂ ᠪᠣᠬᠢᠷᠲᠤᠯ ᠦᠭᠡᠢ ᠴᠠᠬᠢᠯᠭᠠᠨ ᠬᠦᠴᠦ᠂ ᠪᠣᠬᠢᠷᠲᠤᠯ ᠦᠭᠡᠢ ᠪᠤᠳᠤᠬᠤ | ᠬᠦᠴᠦᠨ ᠤ ᠬᠠᠮᠵᠢᠯᠴᠠᠨ ᠬᠠᠮᠲᠤᠷᠠᠯᠴᠠᠬᠤ ᠶᠢ ᠪᠠᠷᠢᠮᠲᠠᠯᠠᠵᠤ᠂ ᠪᠤᠳᠤᠬᠤ ᠴᠢᠳᠠᠪᠤᠷᠢ ᠶᠢᠨ ᠠᠵᠤ ᠠᠬᠤᠢ ᠶᠢ ᠲᠦᠷᠭᠡᠨ | ᠬᠥᠭᠵᠢᠭᠦᠯᠵᠦ᠂ ᠲᠣᠭᠠᠴᠢᠯᠠᠭᠰᠠᠨ ᠠᠵᠤ ᠦᠢᠯᠡᠰ ᠤᠨ ᠲᠤᠭ᠎ᠠ ᠪᠠᠷᠢᠮᠲᠠ ᠶᠢ ᠬᠠᠳᠠᠭᠠᠯᠠᠬᠤ᠂ ᠲᠤᠭ᠎ᠠ ᠪᠠᠷᠢᠮᠲᠠ ᠶᠢ | ᠴᠤᠭᠯᠠᠭᠤᠯᠬᠤ ᠠᠴᠠ ᠲᠤᠭ᠎ᠠ ᠪᠠᠷᠢᠮᠲᠠ ᠶᠢᠨ ᠬᠡᠷᠡᠭᠯᠡᠯᠲᠡ᠂ ᠲᠤᠭ᠎ᠠ ᠪᠠᠷᠢᠮᠲᠠ ᠶᠢᠨ ᠨᠡᠮᠡᠭᠳᠡᠯ ᠲᠡᠰᠢ ᠬᠦᠭᠵᠢᠬᠦ ᠶᠢ | ᠠᠬᠢᠭᠤᠯᠬᠤ ᠬᠡᠷᠡᠭᠲᠡᠢ᠃ ᠰᠢᠨ᠎ᠡ ᠮᠠᠲ᠋ᠧᠷᠢᠶᠠᠯ ᠤᠨ ᠠᠵᠤ ᠦᠢᠯᠡᠰ ᠢ ᠬᠦᠴᠦᠷᠬᠡᠭᠵᠢᠭᠦᠯᠦᠨ ᠰᠢᠯᠢᠳᠡᠭᠵᠢᠭᠦᠯᠵᠦ᠂ | ᠰᠢᠯᠢᠳᠡᠭ ᠢ ᠨᠢ ᠥᠷᠭᠡᠳᠬᠡᠵᠦ ᠰᠢᠭᠠᠷᠤ ᠶᠢ ᠨᠢ ᠰᠢᠭᠰᠢᠭᠳᠡᠭᠦᠯᠬᠦ᠂ ᠠᠵᠤ ᠦᠢᠯᠡᠰ ᠢ ᠤᠷᠲᠤᠳᠬᠠᠬᠤ ᠶᠢ ᠵᠡᠷᠭᠡᠪᠡᠷ | ᠠᠳᠬᠤᠬᠤ ᠶᠢ ᠪᠠᠷᠢᠮᠲᠠᠯᠠᠵᠤ᠂ ᠡᠬᠢ ᠪᠠᠶᠠᠯᠢᠭ ᠢ ᠣᠨᠳᠣᠣᠰᠢᠭᠤᠯᠤᠨ ᠦᠷᠳᠡᠭ ᠨᠡᠮᠡᠭᠳᠡᠭᠦᠯᠬᠦ᠂ ᠣᠷᠴᠢᠯᠳᠤᠭᠤᠯᠤᠨ | ᠠᠰᠢᠭᠯᠠᠬᠤ ᠠᠵᠢᠯ ᠢ ᠭᠦᠨᠵᠡᠭᠡᠢ ᠰᠠᠶᠢᠲᠤᠷ ᠬᠢᠵᠦ᠂ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠪᠦᠬᠦᠯᠢ | ᠴᠣᠭᠴᠠ ᠶᠢᠨ ᠦᠷᠢᠰᠦᠯᠳᠦᠬᠦ ᠬᠦᠴᠦᠨ ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ᠃ ᠲᠥᠮᠥᠰᠥ ᠶᠢᠨ ᠠᠵᠤ | ᠦᠢᠯᠡᠰ ᠢ ᠬᠦᠴᠦᠷᠬᠡᠭᠵᠢᠭᠦᠯᠦᠨ ᠰᠢᠯᠢᠳᠡᠭᠵᠢᠭᠦᠯᠵᠦ᠂ ᠰᠢᠰᠲ᠋ᠧᠮᠵᠢᠭᠦᠯᠦᠨ ᠡᠭᠦᠯᠳᠡᠷ ᠰᠠᠶᠢᠵᠢᠷᠠᠭᠤᠯᠬᠤ᠂ | ᠪᠠᠷᠢᠮᠵᠢᠶᠠᠵᠢᠭᠤᠯᠤᠨ ᠳᠠᠷᠢᠬᠤ᠂ ᠨᠠᠷᠢᠯᠢᠭ ᠭᠦᠨᠵᠡᠭᠡᠶ ᠡᠳ᠋ᠰᠢᠭᠦᠯᠬᠦ᠂ ᠨᠠᠷᠠᠲᠤ ᠲᠡᠮᠳᠡᠭᠵᠢᠭᠦᠯᠦᠨ ᠡᠵᠡᠩᠨᠡᠨ | ᠪᠣᠷᠣᠯᠠᠭᠤᠯᠬᠤ ᠶᠢ ᠪᠠᠷᠢᠮᠲᠠᠯᠠᠨ᠂ ᠲᠥᠮᠥᠰᠥ ᠶᠢᠨ ᠪᠥᠬᠦ ᠠᠵᠤ ᠦᠢᠯᠡᠰ ᠤᠨ ᠬᠡᠯᠬᠢᠶ᠎ᠡ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠵᠦ᠂ ︽ᠳᠤᠮᠳᠠᠳᠤ ᠤᠯᠤᠰ ᠤᠨ ᠲᠥᠮᠥᠰᠥ ᠶᠢᠨ ᠲᠥᠪ︾ ᠤᠨ ᠨᠥᠯᠥᠭᠡᠯᠡᠬᠦ ᠬᠦᠴᠦᠨ ᠢ | ᠳᠡᠭᠡᠭᠰᠢᠯᠡᠭᠦᠯᠬᠦ ᠬᠡᠷᠡᠭᠲᠡᠶ᠃ ᠰᠣᠶᠣᠯ ᠵᠢᠭᠤᠯᠴᠢᠯᠠᠯ ᠤᠨ ᠠᠵᠤ ᠦᠢᠯᠡᠰ ᠢ ᠬᠦᠴᠦᠷᠬᠡᠭᠵᠢᠭᠦᠯᠦᠨ ᠰᠢᠯᠢᠳᠡᠭᠵᠢᠭᠦᠯᠵᠦ᠂ | ︽ᠤᠯᠠᠭᠠᠨᠴᠠᠪ ᠤᠨ ᠰᠥᠨᠢ︾ ᠵᠡᠷᠭᠡ ᠨᠠᠷᠠᠲᠤ ᠲᠥᠷᠥᠯ ᠲᠡᠮᠳᠡᠭᠲᠦ ᠶᠢᠨ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ | ᠦᠷᠭᠦᠯᠵᠢᠯᠡᠨ ᠰᠠᠶᠢᠲᠤᠷ ᠲᠥᠯᠥᠪᠯᠡᠨ ᠥᠷᠨᠢᠭᠦᠯᠵᠦ᠂ ᠥᠪᠡᠰᠦᠪᠡᠨ ᠲᠡᠷᠭᠡ ᠵᠢᠯᠣᠭᠤᠳᠴᠤ ᠵᠢᠭᠤᠯᠴᠢᠯᠠᠬᠤ᠂ | ᠳᠣᠤᠷ᠎ᠠ ᠠᠭᠠᠷ ᠤᠨ ᠵᠢᠭᠤᠯᠴᠢᠯᠠᠯ ᠵᠡᠷᠭᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠠᠶᠠᠯᠢᠭᠵᠢᠭᠤᠯᠤᠨ᠂ ᠠᠷᠠᠳ ᠤᠨ | ᠪᠠᠭᠤᠳᠠᠯ ᠤᠨ ᠠᠵᠤ ᠦᠢᠯᠡᠰ ᠤᠨ ᠣᠨᠴᠠᠯᠢᠬᠵᠢᠬᠤ᠂ ᠨᠠᠷᠠᠲᠤ ᠲᠡᠮᠳᠡᠭᠵᠢᠬᠦ᠂ ᠵᠢᠷᠤᠮᠵᠢᠭᠰᠠᠨ ᠬᠥᠭᠵᠢᠯᠲᠡ ᠶᠢ | ᠠᠬᠢᠭᠤᠯᠵᠤ᠂ ᠣᠨᠴᠠᠯᠢᠭ ᠢᠶᠠᠷ ᠢᠯᠡ ᠲᠣᠳᠣ ᠬᠤᠲᠠ ᠶᠢᠨ IP ᠢ ᠪᠣᠶ ᠪᠣᠯᠭᠠᠬᠤ ᠬᠡᠷᠡᠭᠲᠡᠶ ᠭᠡᠵᠤ ᠴᠢᠬᠤᠯᠠᠴᠢᠯᠠᠪᠠ᠃ | ᠪᠥᠬᠦᠳᠡ ᠬᠤᠷᠠᠯ ᠠᠴᠠ᠂ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠵᠤ᠂ ︽ᠵᠢᠷᠭᠤᠭᠠᠨ ᠠᠵᠢᠯᠯᠠᠭ᠎ᠠ︾ | ᠶᠢ ᠭᠦᠨᠵᠡᠭᠡᠶ ᠰᠠᠶᠢᠲᠤᠷ ᠬᠡᠷᠡᠭᠵᠢᠭᠦᠯᠬᠦ ᠬᠡᠷᠡᠭᠲᠡᠶ᠃ ᠨᠢᠭᠡ ᠳᠤ᠂ ᠴᠢᠬᠤᠯᠠ ᠶᠡᠭᠡ ᠲᠦᠷᠦᠯ ᠵᠦᠢᠯ ᠢ | ᠲᠥᠯᠥᠪᠵᠢᠭᠦᠯᠬᠦ ᠠᠵᠢᠯᠯᠠᠭ᠎ᠠ ᠶᠢ ᠰᠠᠶᠢᠲᠤᠷ ᠬᠡᠷᠡᠭᠵᠢᠭᠦᠯᠬᠦ ᠬᠡᠷᠡᠭᠲᠡᠢ᠃ ᠬᠤᠳᠠᠯᠳᠤᠭᠠᠴᠢᠨ ᠤᠷᠢᠵᠤ ᠪᠡᠯᠡ | ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠲᠥᠷᠥᠯ ᠵᠦᠢᠯ ᠤᠨ ᠲᠥᠯᠥᠪᠵᠢᠭᠦᠯᠭᠡ ᠶᠢ ᠰᠢᠰᠲ᠋ᠧᠮ ᠲᠠᠢ | ᠥᠷᠨᠢᠭᠦᠯᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠲᠦᠷᠭᠡᠳᠬᠡᠨ᠎ᠡ᠃ ᠬᠤᠶᠠᠷ ᠲᠤ᠂ | ᠠᠵᠤ ᠠᠬᠤᠶᠢᠯᠠᠯ ᠢ ᠳᠡᠮᠵᠢᠬᠦ ᠠᠵᠢᠯᠯᠠᠭ᠎ᠠ ᠶᠢ ᠰᠠᠶᠢᠲᠤᠷ ᠬᠡᠷᠡᠭᠵᠢᠭᠦᠯᠬᠦ ᠬᠡᠷᠡᠭᠲᠡᠢ᠃ ᠡᠯ᠎ᠡ ᠲᠥᠷᠥᠯ ᠤᠨ ᠠᠵᠤ | ᠠᠬᠤᠶᠢᠯᠠᠯ ᠳᠤ ᠡᠷᠬᠡ ᠲᠡᠭᠰᠢ ᠪᠠᠷ ᠬᠠᠨᠳᠤᠵᠤ᠂ ᠠᠵᠤ ᠠᠬᠤᠶᠢᠯᠠᠯ ᠢ ᠳᠡᠮᠵᠢᠨ ᠠᠵᠤ ᠠᠬᠤᠶᠢᠯᠠᠯ ᠳᠤ ᠠᠰᠢᠭ | ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠡᠷᠡᠰ ᠰᠠᠶᠢᠲᠤᠷ ᠠᠳᠬᠤᠵᠤ᠂ ᠠᠵᠤ | ᠠᠬᠤᠶᠢᠯᠠᠯ ᠤᠨ ᠪᠠᠴᠢᠮ ᠪᠡᠷᠬᠡ ᠵᠣᠪᠠᠨᠢᠯ ᠢ ᠬᠦᠴᠦᠯᠡᠨ ᠰᠢᠢᠳᠪᠦᠷᠢᠯᠡᠵᠦ᠂ ᠠᠵᠤ ᠠᠬᠤᠶᠢᠯᠠᠯ ᠤᠨ ᠬᠠᠤᠯᠢ ᠶᠣᠰᠣᠨ ᠤ | ᠡᠷᠬᠡ ᠠᠰᠢᠭ ᠢ ᠬᠠᠮᠠᠭᠠᠯᠠᠨ᠂ ᠠᠵᠤ ᠠᠬᠤᠶᠢᠯᠠᠯ ᠤᠨ ᠬᠥᠭᠵᠢᠨ ᠪᠤᠵᠠᠭᠠᠶᠢᠷᠠᠬᠤ ᠶᠢ ᠳᠡᠮᠵᠢᠨ᠎ᠡ᠃ ᠭᠤᠷᠪᠠ ᠳᠤ᠂ | ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠰᠠᠶᠢᠲᠤᠷ ᠬᠡᠷᠡᠭᠵᠢᠭᠦᠯᠬᠦ ᠬᠡᠷᠡᠭᠲᠡᠶ᠃ ᠭᠤᠣᠯᠳᠠᠯᠭ᠎ᠠ ᠲᠠᠢ | ᠬᠦᠷᠢᠶ᠎ᠡ᠂ ᠭᠤᠣᠯᠳᠠᠯᠭ᠎ᠠ ᠲᠠᠢ ᠠᠵᠢᠯ ᠲᠦᠷᠦᠯ᠂ ᠬᠤᠳᠠ ᠬᠥᠳᠡᠭᠡ ᠶᠢᠨ ᠦᠨᠳᠦᠰᠦᠨ ᠱᠠᠳᠤ ᠪᠣᠯᠤᠨ ᠳᠤᠮᠳᠠ | ᠵᠢᠵᠢᠭ ᠪᠢᠴᠢᠯ ᠠᠵᠤ ᠠᠬᠤᠶᠢᠯᠠᠯ ᠤᠨ ᠠᠵᠢᠯ ᠣᠯᠭᠤᠯᠲᠠ ᠶᠢ ᠳᠡᠮᠵᠢᠬᠦ ᠲᠥᠯᠥᠪᠯᠡᠭᠡ ᠶᠢ ᠭᠦᠨᠵᠡᠭᠡᠢ | ᠨᠠᠶᠢᠳᠠᠪᠤᠷᠢᠵᠢᠭᠤᠯᠵᠤ᠂ ᠨᠡᠩ ᠤᠯᠠᠨ ᠠᠵᠢᠯ ᠣᠯᠭᠤᠯᠲᠠ ᠶᠢᠨ ᠠᠵᠢᠯ ᠤᠨ ᠪᠠᠶᠢᠷᠢ ᠶᠢ ᠴᠢᠷᠮᠠᠶᠢᠨ ᠡᠭᠦᠳᠴᠦ᠂ | ᠭᠤᠣᠯᠳᠠᠯᠭ᠎ᠠ ᠲᠠᠢ ᠬᠥᠮᠦᠰ ᠤᠨ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ᠂ ᠠᠵᠢᠯ ᠣᠯᠭᠤᠯᠲᠠ ᠶᠢᠨ | ᠦᠢᠯᠡᠴᠢᠯᠡᠭᠡᠨ ᠤ ᠰᠢᠰᠲ᠋ᠧᠮ ᠢ ᠪᠦᠷᠢᠨᠰᠢᠬᠦᠯᠦᠨ᠎ᠠ᠃ ᠲᠦᠷᠪᠡ ᠳᠤ᠂ ᠤᠰᠤ ᠠᠷᠪᠢᠯᠠᠬᠤ ᠠᠵᠢᠯᠯᠠᠭ᠎ᠠ ᠶᠢ ᠰᠠᠶᠢᠲᠤᠷ | ᠬᠡᠷᠡᠭᠵᠢᠭᠦᠯᠬᠦ ᠬᠡᠷᠡᠭᠲᠡᠢ᠃ ᠤᠰᠤ ᠠᠷᠪᠢᠯᠠᠬᠤ ᠦᠵᠡᠯ ᠤᠬᠠᠮᠰᠠᠷ ᠢ ᠪᠠᠲᠤ ᠪᠠᠬᠢ ᠪᠣᠶ ᠪᠣᠯᠭᠠᠨ᠂ ᠲᠠᠷᠢᠶᠠᠯᠠᠩ ᠤᠨ | ᠤᠰᠤ ᠠᠷᠪᠢᠯᠠᠬᠤ᠂ ᠠᠵᠤ ᠦᠢᠯᠡᠳᠪᠦᠷᠢ ᠶᠢᠨ ᠤᠰᠤ ᠠᠷᠪᠢᠯᠠᠬᠤ᠂ ᠠᠮᠢ ᠠᠬᠤᠶ ᠶᠢᠨ ᠤᠰᠤ ᠠᠷᠪᠢᠯᠠᠬᠤ᠂ ᠬᠤᠲᠠ | ᠪᠠᠯᠭᠠᠰᠤ ᠶᠢᠨ ᠤᠰᠤ ᠠᠷᠪᠢᠯᠠᠬᠤ ᠶᠢ ᠶᠡᠬᠡᠪᠡᠷ ᠲᠦᠯᠬᠢᠨ ᠠᠬᠢᠭᠤᠯᠵᠤ᠂ ᠤᠰᠤ ᠠᠷᠪᠢᠯᠠᠬᠤ ᠮᠠᠶ᠋ᠢᠭ ᠤᠨ ᠨᠡᠶᠢᠭᠡᠮ ᠤᠨ | ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃ ᠲᠠᠪᠤ ᠳᠤ᠂ ᠣᠷᠣᠨ ᠪᠦᠰᠡ ᠶᠢᠨ | ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠶᠢ ᠰᠠᠶᠢᠲᠤᠷ ᠬᠡᠷᠡᠭᠵᠢᠭᠦᠯᠬᠦ ᠬᠡᠷᠡᠭᠲᠡᠢ᠃ ᠪᠡᠭᠡᠵᠢᠩ ᠥᠪᠥᠷ | ᠮᠣᠩᠭᠤᠯ ᠤᠨ ᠬᠠᠮᠵᠢᠯᠴᠠᠭ᠎ᠠ ᠶᠢ ᠪᠦᠬᠦ ᠲᠠᠯ᠎ᠠ ᠪᠠᠷ ᠴᠢᠩᠭᠠᠳᠬᠠᠵᠤ᠂ ᠬᠥᠬᠡᠬᠤᠲᠠ ᠪᠤᠭᠤᠲᠤ ᠣᠷᠳᠣᠰ | ᠤᠯᠠᠭᠠᠨᠴᠠᠪ ᠤᠨ ᠨᠢᠭᠡ ᠴᠣᠭᠴᠠᠵᠢᠭᠰᠠᠨ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠥᠪᠥᠷ | ᠮᠣᠩᠭᠤᠯ ᠱᠠᠨ ᠰᠢ ᠾᠧᠪᠸᠢ ︵ᠤᠯᠠᠭᠠᠨᠴᠠᠪ ᠳ᠋ᠠᠲ᠋ᠦ᠋ᠩ ᠴᠢᠭᠤᠯᠤᠯᠲᠤ ᠬᠠᠭᠠᠯᠭ᠎ᠠ︶ ᠶᠢᠨ ᠣᠷᠳᠣ ᠴᠠᠭᠠᠨ ᠬᠡᠷᠡᠮ ᠤᠨ | ︽ᠠᠯᠲᠠᠨ ᠭᠤᠷᠪᠠᠯᠵᠢᠨ ᠬᠤᠶᠢᠭ︾ ᠤᠨ ᠬᠠᠮᠲᠤᠷᠠᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠡᠷᠢᠶᠡᠨ | ᠬᠤᠲᠠ ᠶᠢᠨ ᠪᠣᠭᠤᠮᠲᠠ ᠶᠢᠨ ᠳᠣᠲᠣᠷ᠎ᠠ ᠭᠠᠵᠠᠷ ᠯᠤᠭ᠎ᠠ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠭᠦᠨᠵᠡᠭᠡᠶ | ᠠᠬᠢᠭᠤᠯᠵᠤ᠂ ᠤᠮᠠᠷᠠᠰᠢ ᠨᠡᠭᠡᠭᠡᠯᠲᠡ ᠬᠢᠬᠦ ᠴᠢᠬᠤᠯᠠ ᠲᠤᠯᠬᠤ ᠴᠡᠭ ᠢ ᠪᠥᠬᠦ ᠬᠦᠴᠦᠨ ᠢᠶᠠᠷ ᠢᠶᠠᠨ ᠴᠣᠭᠴᠠᠯᠠᠨ᠎ᠠ᠃ | ᠵᠢᠷᠭᠤᠭ᠎ᠠ ᠳᠤ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠰᠠᠶᠢᠲᠤᠷ | ᠬᠡᠷᠡᠭᠵᠢᠭᠦᠯᠬᠦ ᠬᠡᠷᠡᠭᠲᠡᠢ᠃ ᠤᠮᠠᠷᠠᠲᠤ ᠬᠢᠯᠢ ᠶᠢᠨ ᠰᠣᠶᠣᠯ ᠤᠨ ᠰᠤᠳᠤᠯᠭᠠᠨ ᠢ ᠭᠦᠨᠵᠡᠭᠡᠶ ᠪᠥᠭᠡᠳ ᠪᠣᠳᠠᠲᠠᠶ ᠬᠢᠵᠦ᠂ | ᠤᠮᠠᠷᠠᠲᠤ ᠬᠢᠯᠢ ᠶᠢᠨ ᠰᠣᠶᠣᠯ ᠤᠨ ᠦᠵᠡᠭᠦᠯᠦᠯᠭᠡ ᠶᠢ ᠢᠳᠡᠪᠬᠢᠲᠡᠶ ᠥᠷᠨᠢᠭᠦᠯᠵᠦ᠂ ᠣᠯᠠᠨ ᠨᠡᠶᠢᠲᠡ ᠶᠢᠨ | ᠦᠢᠯᠡᠴᠢᠯᠡᠭᠡᠨ ᠤ ᠬᠠᠩᠭᠠᠯᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ ᠭᠡᠵᠤ ᠴᠢᠬᠤᠯᠠᠴᠢᠯᠠᠪᠠ᠃ | ᠪᠦᠬᠦᠳᠡ ᠬᠤᠷᠠᠯ ᠠᠴᠠ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠠᠶᠤᠯ ᠲᠦᠭᠰᠢᠭᠦᠷᠢ ᠶᠢ ᠰᠡᠷᠭᠡᠶᠢᠯᠡᠬᠦ | ᠪᠣᠯ ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠡᠷᠬᠡᠪᠰᠢ ᠡᠷᠡᠰ ᠨᠠᠶᠢᠳᠠᠪᠤᠷᠢᠵᠢᠭᠤᠯᠬᠤ | ᠴᠢᠬᠤᠯᠠ ᠶᠡᠭᠡ ᠡᠭᠦᠷᠭᠡ ᠪᠣᠯᠤᠨ᠎ᠠ᠂ ᠡᠷᠬᠡᠪᠰᠢ ᠭᠤᠣᠯᠳᠠᠯᠭ᠎ᠠ ᠶᠢ ᠴᠢᠩᠭ᠎ᠠ ᠠᠳᠬᠤᠵᠤ᠂ ᠪᠣᠳᠠᠲᠠᠢ ᠠᠳᠬᠤᠵᠤ | ᠰᠠᠶᠢᠲᠤᠷ ᠠᠳᠬᠤᠬᠤ ᠬᠡᠷᠡᠭᠲᠡᠢ᠃ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠬᠤ | ᠲᠠᠯ᠎ᠠ ᠪᠠᠷ ᠰᠢᠨ᠎ᠡ ᠰᠢᠪᠲᠤᠯᠤᠯᠲᠠ ᠭᠠᠷᠭᠠᠵᠤ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ | ᠠᠭᠤᠯᠠ ᠮᠥᠨ︾ ᠭᠡᠬᠦ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠠᠮᠢ ᠠᠬᠤᠢ ᠶᠢᠨ ᠥᠷᠢ ᠰᠢᠷᠢ ᠶᠢ ᠪᠦᠬᠦ | ᠬᠦᠴᠦᠨ ᠢᠶᠠᠷ ᠢᠶᠠᠨ ᠨᠥᠬᠦᠪᠥᠷᠢᠯᠡᠵᠦ᠂ ᠬᠥᠬᠡᠮᠳᠦᠭ ᠠᠭᠤᠯᠠ ᠤᠰᠤ᠂ ᠬᠦᠬᠡ ᠣᠭᠲᠠᠷᠭᠤᠢ ᠶᠢ ᠡᠭᠦᠷᠢᠳᠡ | ᠪᠠᠶᠢᠯᠭᠠᠬᠤ ᠬᠡᠷᠡᠭᠲᠡᠢ᠃ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ | ᠲᠠᠯ᠎ᠠ ᠪᠠᠷ ᠰᠢᠨ᠎ᠡ ᠰᠢᠪᠲᠤᠯᠤᠯᠲᠠ ᠭᠠᠷᠭᠠᠵᠤ᠂ ᠠᠮᠤ ᠪᠤᠳᠠᠭᠠᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ | ᠰᠠᠬᠢᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠵᠦ᠂ ᠣᠷᠣᠰᠢᠨ ᠰᠠᠭᠤᠬᠤ ᠳᠤ ᠲᠣᠬᠢᠷᠠᠮᠵᠢᠲᠠᠢ ᠦᠢᠯᠡᠰ ᠪᠤᠰᠬᠠᠬᠤ ᠳᠤ ᠲᠣᠬᠢᠷᠠᠮᠵᠢᠲᠠᠢ ᠦᠵᠡᠰᠬᠦᠯᠡᠩᠲᠦ | ᠰᠠᠶᠢᠬᠠᠨ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ | ᠠᠷᠠᠳ ᠤᠨ ᠠᠮᠢᠳᠤᠷᠠᠯ ᠤᠨ ᠠᠵᠠ ᠵᠢᠷᠭᠠᠯ ᠢ ᠦᠷᠭᠦᠯᠵᠢᠯᠡᠨ ᠨᠡᠮᠡᠭᠳᠡᠭᠦᠯᠬᠦ ᠲᠠᠯ᠎ᠠ ᠪᠠᠷ ᠰᠢᠨ᠎ᠡ ᠰᠢᠪᠲᠤᠯᠤᠯᠲᠠ | ᠭᠠᠷᠭᠠᠵᠤ᠂ ᠬᠤᠲᠠ ᠶᠢᠨ ᠰᠢᠨᠡᠴᠢᠯᠡᠯᠲᠡ ᠶᠢᠨ ᠠᠯᠬᠤᠴᠠ ᠶᠢ ᠲᠦᠷᠭᠡᠳᠬᠡᠵᠦ᠂ ᠬᠦᠴᠢᠷᠳᠡᠯᠲᠡᠶ ᠬᠥᠮᠦᠰ ᠢ | ᠬᠠᠪᠰᠤᠷᠤᠨ ᠲᠡᠳᠬᠦᠬᠦ ᠠᠵᠢᠯ ᠢ ᠰᠠᠶᠢᠲᠤᠷ ᠬᠢᠵᠦ᠂ ᠰᠤᠷᠭᠠᠨ ᠬᠥᠮᠦᠵᠢᠯ ᠡᠮ ᠡᠮᠨᠡᠯᠭᠡ ᠪᠠ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠢ ᠰᠡᠳᠬᠢᠯ ᠳᠡᠯᠪᠢᠨ ᠬᠠᠶᠢᠷ᠎ᠠ ᠰᠡᠳᠬᠢᠯᠭᠡ ᠲᠠᠢ ᠪᠠᠷ ᠰᠠᠶᠢᠲᠤᠷ ᠬᠢᠬᠦ ᠬᠡᠷᠡᠭᠳᠡᠢ᠃ | ᠠᠶᠤᠯ ᠲᠦᠭᠰᠢᠭᠦᠷᠢ ᠭᠡᠮ ᠰᠣᠭᠤᠭ ᠢ ᠰᠡᠷᠭᠡᠶᠢᠯᠡᠨ ᠠᠷᠢᠯᠭᠠᠬᠤ ᠲᠠᠯ᠎ᠠ ᠪᠠᠷ ᠰᠢᠨ᠎ᠡ ᠰᠢᠪᠲᠤᠯᠤᠯᠲᠠ ᠭᠠᠷᠭᠠᠵᠤ᠂ | ᠰᠠᠨᠠᠭᠠᠰᠢᠷᠠᠨ ᠵᠣᠪᠠᠨᠢᠬᠤ ᠤᠬᠠᠮᠰᠠᠷ ᠪᠣᠯᠤᠨ ᠬᠤᠷᠢᠭ᠎ᠠ ᠱᠤᠭᠤᠮ ᠤᠨ ᠰᠡᠳᠬᠢᠬᠦᠢ ᠪᠠᠨ ᠴᠢᠨᠠᠭᠰᠢᠳᠠ ᠴᠢᠩᠭᠠᠳᠬᠠᠵᠤ᠂ | ᠡᠳ᠋ ᠤᠨ ᠵᠠᠰᠠᠭ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ᠂ ᠦᠵᠡᠯ ᠤᠬᠠᠮᠰᠠᠷ ᠤᠨ ᠬᠡᠯᠪᠡᠷᠢ ᠶᠢᠨ | ᠬᠦᠷᠢᠶᠡᠨ ᠳᠠᠬᠢ ᠠᠶᠤᠯ ᠲᠦᠭᠰᠢᠭᠦᠷᠢ᠂ ᠨᠡᠶᠢᠭᠡᠮ ᠤᠨ ᠬᠦᠷᠢᠶᠡᠨ ᠤ ᠠᠶᠤᠯ ᠲᠦᠭᠰᠢᠭᠦᠷᠢ᠂ ᠠᠶᠤᠯᠭᠦᠢ | ᠦᠢᠯᠡᠳᠪᠦᠷᠢᠯᠡᠯ ᠤᠨ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠵᠡᠷᠭᠡ ᠠᠵᠢᠯ ᠢ ᠨᠢᠭᠡᠳᠦᠯᠲᠡᠢ | ᠲᠥᠯᠥᠪᠵᠢᠭᠦᠯᠦᠨ ᠰᠠᠶᠢᠲᠤᠷ ᠬᠢᠬᠦ ᠬᠡᠷᠡᠭᠲᠡᠢ ᠭᠡᠵᠤ ᠴᠢᠬᠤᠯᠠᠴᠢᠯᠠᠪᠠ᠃ | ᠪᠥᠬᠦᠳᠡ ᠬᠤᠷᠠᠯ ᠠᠴᠠ᠂ ᠡᠨᠡ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ | ᠪᠡᠶᠡᠯᠡᠭᠦᠯᠬᠦ ᠳᠤ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠬᠠᠷᠠᠯᠲᠠ ᠪᠠᠨ ᠴᠢᠩᠭ᠎ᠠ ᠠᠩᠬᠠᠷᠴᠤ᠂ ᠡᠭᠦᠷᠭᠡ ᠪᠠᠨ | ᠴᠢᠩᠭ᠎ᠠ ᠠᠩᠬᠠᠷᠴᠤ᠂ ᠴᠢᠭᠯᠡᠯ ᠢᠶᠠᠨ ᠣᠨᠣᠪᠴᠢᠲᠠᠶ ᠡᠵᠡᠮᠳᠡᠵᠦ᠂ ᠨᠠᠷᠢᠯᠢᠭ ᠣᠨᠣᠴᠠᠲᠠᠶ ᠪᠠᠷ ᠬᠦᠴᠦᠯᠡᠵᠦ᠂ ᠬᠢᠬᠦ ᠶᠢ | ᠲᠡᠷᠢᠭᠦᠨ ᠳᠤ ᠲᠠᠯᠪᠢᠵᠤ᠂ ᠦᠷ᠎ᠡ ᠪᠦᠲᠦᠮᠵᠢ ᠭᠠᠷᠭᠠᠬᠤ ᠬᠡᠷᠡᠭᠲᠡᠶ᠃ ᠤᠷᠢᠳᠴᠢᠯᠠᠨ ᠬᠦᠴᠦᠯᠡᠵᠦ ᠪᠠᠶᠢᠭᠠᠳ ᠲᠦᠷᠦᠯ | ᠵᠦᠢᠯ ᠤᠨ ᠪᠡᠯᠡ ᠣᠷᠣᠭᠤᠯᠤᠯᠲᠠ ᠶᠢ ᠠᠳᠬᠤᠵᠤ᠂ ᠬᠡᠷᠡᠭᠯᠡᠭᠡᠨ ᠤ ᠳᠠᠯᠳᠠ ᠬᠦᠴᠦᠨ ᠢ ᠭᠦᠢᠴᠡᠳ ᠬᠥᠭᠵᠢᠭᠡᠵᠦ᠂ | ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠨ ᠪᠤᠶᠢᠵᠢᠭᠤᠯᠤᠨ ᠬᠥᠭᠵᠢᠭᠦᠯᠵᠦ᠂ ᠬᠥᠭᠵᠢᠯᠲᠡ | ᠪᠠ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ᠃ ᠵᠢᠯ ᠤᠨ ᠡᠴᠦᠰ ᠤᠨ ᠤ | ᠡᠬᠢᠨ ᠤ ᠡᠯ᠎ᠡ ᠵᠦᠢᠯ ᠤᠨ ᠠᠵᠢᠯ ᠢᠶᠠᠨ ᠨᠠᠷᠢᠨ ᠨᠢᠮᠪᠠᠢ ᠰᠠᠶᠢᠲᠤᠷ ᠬᠢᠵᠦ᠂ ᠠᠷᠠᠳ ᠤᠯᠠᠨ ᠢ ᠪᠠᠶᠠᠷ ᠬᠦᠷ ᠲᠠᠢ | ᠥᠯᠵᠡᠢ ᠪᠡᠯᠭᠡ ᠲᠠᠢ ᠴᠠᠭᠠᠨ ᠰᠠᠷ᠎ᠠ ᠪᠠᠨ ᠥᠩᠭᠡᠷᠡᠭᠦᠯᠬᠦ ᠬᠡᠷᠡᠭᠲᠡᠢ ᠭᠡᠵᠤ ᠴᠢᠬᠤᠯᠠᠴᠢᠯᠠᠪᠠ᠃ | ᠪᠥᠬᠦᠳᠡ ᠬᠤᠷᠠᠯ ᠠᠴᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠳᠦᠷᠢᠮ︾ ᠪᠣᠯᠤᠨ ︽ᠳᠤᠮᠳᠠᠳᠤ | ᠤᠯᠤᠰ ᠤᠨ ᠡᠪ ᠬᠠᠮᠲᠤ ᠨᠠᠮ ᠤᠨ ᠣᠷᠣᠨ ᠨᠤᠲᠤᠭ ᠤᠨ ᠬᠤᠷᠢᠶᠠᠨ ᠤ ᠠᠵᠢᠯ ᠤᠨ ᠳᠦᠷᠢᠮ︾ ᠤᠨ ᠬᠤᠯᠪᠣᠭᠳᠠᠯ | ᠪᠦᠬᠦᠢ ᠲᠣᠭᠲᠠᠭᠠᠯ ᠢ ᠦᠨᠳᠦᠰᠦᠯᠡᠨ᠂ ᠯᠢᠦ ᠪᠦᠦ ᠴᠧᠩ ᠨᠥᠬᠦᠷ ᠢ ᠳᠤᠮᠳᠠᠳᠤ ᠤᠯᠤᠰ ᠤᠨ ᠡᠪ ᠬᠠᠮᠲᠤ ᠨᠠᠮ ᠤᠨ | ᠤᠯᠠᠭᠠᠨᠴᠠᠪ ᠬᠤᠲᠠ ᠶᠢᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠭᠡᠰᠢᠭᠦᠨ ᠤ ᠲᠤᠰᠢᠶᠠᠯ ᠠᠴᠠ ᠨᠢ | ᠪᠠᠭᠤᠯᠭᠠᠬᠤ ᠪᠠᠷ ᠲᠣᠭᠲᠠᠪᠠ᠃ | ᠪᠦᠬᠦᠳᠡ ᠬᠤᠷᠠᠯ ᠠᠴᠠ᠂ ᠪᠦᠬᠦ ᠬᠤᠳᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ | ᠥᠷᠭᠡᠨ ᠤᠯᠠᠨ ᠨᠠᠮ ᠤᠨ ᠭᠡᠰᠢᠭᠦᠨ ᠺᠠᠳ᠋ᠷ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠢᠲᠡᠭᠡᠯ ᠵᠣᠷᠢᠭ ᠢᠶᠠᠨ ᠪᠠᠲᠤᠳᠬᠠᠵᠤ᠂ ᠯᠠᠪᠳᠠᠭᠤᠨ | ᠪᠠᠲᠤᠲᠠᠢ ᠠᠵᠢᠯᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠤᠯᠠᠭᠠᠨᠴᠠᠪ ᠤᠨ ᠰᠢᠨ᠎ᠡ | ᠬᠠᠭᠤᠳᠠᠰᠤ ᠶᠢ ᠪᠢᠴᠢᠭᠯᠡᠬᠦ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠤᠷᠢᠶᠠᠯᠠᠪᠠ᠃ ᠡᠷᠡᠯᠬᠡᠭᠯᠡᠨ | ᠤᠷᠤᠭᠰᠢᠯᠠᠭᠰᠠᠨ ᠤᠯᠠᠭᠠᠨᠴᠠᠪ ᠵᠣᠯ ᠵᠢᠷᠭᠠᠯᠲᠤ ᠰᠠᠶᠢᠨ ᠰᠠᠶᠢᠬᠠᠨ ᠠᠮᠢᠳᠤᠷᠠᠯ ᠵᠦᠭ ᠤᠯᠠᠮ ᠨᠢᠭᠡ ᠠᠯᠬᠤᠮ | ᠤᠷᠤᠭᠰᠢᠯᠠᠪᠠ᠃ | ᠣᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ | |