| | ︽ᠬᠤᠤᠰ ᠪᠠᠶᠠᠷ︾ ᠤᠨ ᠬᠤᠭᠤᠴᠠᠭᠠᠨ ᠳᠠᠬᠢ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ | ᠲᠦᠪᠰᠢᠨ ᠢ ᠦᠨᠡᠨ ᠬᠦ ᠰᠠᠶᠢᠲᠤᠷ ᠠᠳᠬᠤᠵᠤ᠂ ᠥᠷᠭᠡᠨ ᠣᠯᠠᠨ ᠬᠡᠷᠡᠭᠯᠡᠭᠴᠢᠳ ᠵᠢᠴᠢ ᠦᠢᠯᠡᠳᠪᠦᠷᠢᠯᠡᠯ | ᠡᠵᠡᠩᠨᠡᠯᠲᠡ ᠶᠢᠨ ᠭᠤᠤᠯ ᠴᠣᠭᠴᠠ ᠶᠢᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ | ᠦᠵᠡᠯ ᠤᠬᠠᠮᠰᠠᠷ ᠢ ᠪᠦᠲᠦᠮᠵᠢᠲᠡᠶ ᠴᠢᠩᠭᠠᠷᠠᠭᠤᠯᠵᠤ᠂ ᠬᠠᠤᠯᠢ ᠶᠣᠰᠣᠭᠠᠷ ᠬᠢᠨᠠᠨ ᠬᠠᠮᠢᠶᠠᠷᠴᠤ ᠪᠠᠶᠢᠭ᠎ᠠ | ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠪᠠᠶᠢᠷᠢᠰᠢᠯ ᠢ ᠲᠦᠷᠭᠡᠳᠬᠡᠨ ᠪᠠᠶᠢᠭᠤᠯᠬᠤ | ᠶᠢᠨ ᠲᠦᠯᠦᠬᠡ᠂ 1 ᠰᠠᠷ᠎ᠠ ᠶᠢᠨ 6 ᠤ ᠡᠳᠦᠷ᠂ ᠬᠤᠸᠠᠳᠧ ᠰᠢᠶᠠᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠤ | ᠲᠣᠪᠴᠢᠶ᠎ᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ | ᠭᠠᠵᠠᠷ ᠢ ᠠᠬᠢᠭᠤᠯᠬᠤ ᠲᠦᠷᠢᠮ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ | ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠠᠵᠢᠯᠲᠠᠳ ᠲᠣᠭᠤᠷᠢᠨ ᠦᠵᠡᠵᠦ ᠪᠠᠶᠢᠭ᠎ᠠ ᠣᠯᠠᠨ ᠲᠦᠮᠡᠨ ᠳᠤ | ᠲᠠᠷᠢᠶᠠᠯᠠᠩ ᠶᠢᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠠᠮᠢᠶ᠎ᠠ | ᠪᠥᠬᠦᠶ ᠬᠠᠤᠯᠢ ᠴᠠᠭᠠᠵᠠ ᠶᠢᠨ ᠮᠡᠳᠡᠯᠭᠡ ᠵᠡᠷᠭᠡ ᠤᠬᠠᠭᠤᠯᠭ᠎ᠠ ᠶᠢᠨ ᠬᠠᠭᠤᠳᠠᠰᠤ ᠪᠠ ᠤᠬᠠᠭᠤᠯᠭ᠎ᠠ ᠶᠢᠨ ᠪᠣᠳᠠᠰ | ᠲᠠᠷᠬᠠᠭᠠᠪᠠ᠃ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠥᠷᠭᠡᠨ ᠤᠯᠠᠨ ᠲᠦᠮᠡᠨ ᠤ ᠲᠠᠷᠢᠶᠠᠯᠠᠩ ᠤᠨ | ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠦᠪᠰᠢᠨ ᠤ ᠦᠵᠡᠯ ᠤᠬᠠᠮᠰᠠᠷ ᠢ ᠤᠯᠠᠮ | ᠨᠢᠭᠡ ᠠᠯᠬᠤᠮ ᠳᠡᠭᠡᠭᠰᠢᠯᠡᠭᠦᠯᠪᠡ᠃ ᠡᠭᠦᠨ ᠤ ᠬᠠᠮᠲᠤ᠂ ᠥᠷᠭᠡᠨ ᠣᠯᠠᠨ ᠡᠵᠡᠩᠨᠡᠭᠴᠢ ᠪᠠ ᠬᠡᠷᠡᠭᠯᠡᠭᠴᠢᠳ ᠢ | ᠬᠥᠲᠥᠯᠦᠨ ᠵᠢᠯᠣᠭᠤᠳᠴᠤ ᠪᠠᠶᠢᠭᠠᠳ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ | ᠴᠢᠨᠠᠷ ᠤᠨ ᠠᠮᠤᠷ ᠲᠦᠪᠰᠢᠨ ᠤ ᠠᠵᠢᠯ ᠳᠤ ᠢᠳᠡᠪᠬᠢᠲᠡᠶ ᠣᠷᠣᠯᠴᠠᠭᠤᠯᠵᠤ᠂ ᠠᠷᠠᠳ ᠣᠯᠠᠨ ᠤ ︽ᠢᠳᠡᠭᠡᠨ | ᠤᠮᠳᠠᠭᠠᠨ ᠤ ᠠᠮᠤᠷ ᠲᠦᠪᠰᠢᠨ︾ ᠢ ᠬᠠᠮᠲᠤ ᠪᠠᠷ ᠪᠠᠲᠤᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠡ᠃ | ᠲᠠᠷᠠᠭᠠᠴᠢ ᠶᠢᠨ ᠠᠯᠬᠤᠮ ᠳᠤ᠂ ᠬᠤᠸᠠᠳᠧ ᠰᠢᠶᠠᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ | ᠬᠢᠨᠠᠯᠲᠠ ᠬᠠᠮᠢᠶᠠᠷᠤᠯᠲᠠ ᠦᠢᠯᠡᠴᠢᠯᠡᠭᠡᠨ ᠤ ᠡᠷᠴᠢᠮ ᠢᠶᠠᠨ ᠦᠷᠭᠦᠯᠵᠢᠯᠡᠨ ᠳᠡᠭᠡᠭᠰᠢᠯᠡᠭᠦᠯᠵᠦ᠂ ᠲᠠᠷᠢᠶᠠᠯᠠᠩ ᠤᠨ | ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠠᠮᠠᠯᠠᠯᠲᠠ ᠶᠢᠨ ᠪᠠᠷᠢᠮᠵᠢᠶ᠎ᠠ ᠳᠤ ᠬᠦᠷᠦᠭᠰᠡᠨ ᠬᠢᠷᠢ ᠲᠡᠩᠴᠡᠭᠰᠡᠨ | ᠦᠨᠡᠮᠯᠡᠯ ᠤᠨ ᠲᠦᠷᠢᠮ ᠢ ᠴᠢᠩᠭ᠎ᠠ ᠬᠡᠷᠡᠭᠵᠢᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ | ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠠᠳᠬᠤᠵᠤ ᠦᠷ᠎ᠡ ᠪᠦᠲᠦᠮᠵᠢ ᠭᠠᠷᠭᠠᠵᠤ᠂ | ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠴᠢᠨᠠᠷ ᠰᠠᠶᠢᠲᠠᠶ ᠬᠥᠭᠵᠢᠯᠲᠡ ᠶᠢ ᠪᠥᠬᠦ ᠲᠠᠯ᠎ᠠ ᠪᠠᠷ | ᠠᠬᠢᠭᠤᠯᠬᠤ ᠳᠤ ᠢᠳᠡᠪᠬᠢᠲᠡᠶ ᠬᠤᠪᠢ ᠨᠡᠮᠡᠷᠢ ᠦᠵᠡᠭᠦᠯᠦᠨ᠎ᠡ ᠭᠡᠪᠡ᠃ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ |