ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠠᠴᠠ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠳᠤ ᠦᠵᠦ ᠲᠥᠯᠥᠪᠯᠡᠭᠡ ᠪᠠ | ᠶᠡᠷᠦᠩᠬᠡᠢ ᠲᠥᠯᠥᠪᠵᠢᠭᠦᠯᠭᠡ ᠬᠢᠵᠤ᠂ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ ᠥᠭᠡᠷᠡᠴᠢᠯᠡᠯᠲᠡ ᠶᠢ ᠪᠦᠬᠦ | ᠲᠠᠯ᠎ᠠ ᠪᠠᠷ ᠭᠦᠨᠵᠡᠭᠡᠶᠢᠷᠡᠭᠦᠯᠬᠦ ᠶᠢ ᠠᠬᠢᠭᠤᠯᠬᠤ ᠥᠷᠭᠡᠴᠡ ᠪᠠ ᠭᠦᠨᠵᠡᠭᠡᠢ ᠤᠷᠤᠭᠰᠢᠯᠠᠯᠲᠠ ᠶᠢ ᠠᠬᠢᠭᠤᠯᠬᠤ ᠶᠡᠷᠦᠩᠬᠡᠢ | ᠲᠠᠶᠢᠴᠢᠯᠠᠯᠳᠠ᠂ ᠶᠡᠷᠦᠩᠬᠡᠢ ᠪᠠᠶᠢᠷᠢᠯᠠᠭᠤᠯᠤᠯᠲᠠ ᠪᠣᠯᠤᠨ᠎ᠠ᠃ ᠤᠯᠠᠭᠠᠨᠴᠠᠪ ᠬᠤᠲᠠ ᠶᠢᠨ ᠵᠢᠨᠢᠩ ᠲᠣᠭᠤᠷᠢᠭ ᠨᠢ ᠨᠢᠭᠡ | ᠭᠤᠤᠯ ᠰᠢᠵᠢᠮ ᠢ ᠲᠤᠭᠤᠰᠢᠯᠠᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠪᠠᠷ ᠬᠠᠷᠠᠯᠲᠠ ᠪᠣᠯᠭᠠᠵᠤ᠂ | ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ | ᠬᠤᠷᠢᠶ᠎ᠠ ᠶᠢᠨ ᠡᠯ᠎ᠡ ᠵᠦᠢᠯ ᠤᠨ ᠥᠭᠡᠷᠡᠴᠢᠯᠡᠯᠲᠡ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠥᠬᠦ | ᠬᠦᠴᠦᠨ ᠢᠶᠠᠷ ᠢᠶᠠᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ | ᠦᠢᠯᠡᠳᠦᠯᠬᠡ ᠶᠢᠨ ᠳᠤᠮᠳᠠ ᠴᠢᠨᠠᠷ ᠰᠠᠶᠢᠲᠠᠶ ᠬᠥᠭᠵᠢᠯᠲᠡ ᠪᠣᠯᠤᠨ ᠣᠳᠣᠬᠢᠴᠢᠯᠠᠯᠲᠠ ᠶᠢᠨ ᠪᠥᠲᠥᠭᠡᠨ | ᠪᠠᠶᠢᠭᠤᠯᠤᠯᠲᠠ ᠶᠢ ᠲᠦᠷᠭᠡᠳᠬᠡᠪᠡ᠂ ᠣᠶᠢᠷ᠎ᠠ ᠳᠤ᠂ ᠰᠤᠷᠪᠤᠯᠵᠢᠯᠠᠭᠴᠢ ᠤᠯᠠᠭᠠᠨᠴᠠᠪ ᠬᠤᠲᠠ ᠶᠢᠨ ᠨᠠᠮ ᠤᠨ | ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠵᠠᠩ ᠶᠦᠩ | ᠸᠧᠨ ᠢ ᠰᠤᠷᠪᠤᠯᠵᠢᠯᠠᠪᠠ᠃ | ᠦᠪᠤᠷ ᠮᠣᠩᠭᠤᠯ ᠤᠨ ᠡᠳᠦᠷ ᠤᠨ ᠰᠣᠨᠢᠨ᠄ ᠴᠣᠷ ᠤᠨ ᠭᠠᠭᠴᠠ ᠥᠭᠡᠷᠡᠴᠢᠯᠡᠯᠲᠡ ᠬᠢᠵᠦ ᠰᠢᠨ᠎ᠡ ᠶᠢ | ᠡᠬᠦᠳᠦᠭᠰᠡᠳ ᠢᠯᠠᠯᠳᠠ ᠤᠯᠤᠨ᠎ᠡ᠃ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ | ᠬᠠᠷᠠᠯᠲᠠ ᠲᠠᠢ ᠬᠡᠷᠬᠢᠨ ᠨᠢᠭᠲᠠ ᠤᠶᠠᠯᠳᠤᠭᠤᠯᠤᠨ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠠᠵᠤ | ᠠᠬᠤᠶ ᠶᠢᠨ ᠬᠥᠭᠵᠢᠯᠲᠡ ᠶᠢᠨ ᠬᠥᠳᠡᠯᠭᠡᠬᠦ ᠬᠦᠴᠦᠨ ᠢ ᠪᠠᠳᠠᠷᠠᠭᠤᠯᠬᠤ ᠪᠣᠶ︖ | ᠵᠠᠩ ᠶᠦᠩ ᠸᠧᠨ᠂ ᠵᠢᠨᠢᠩ ᠲᠣᠭᠤᠷᠢᠭ ᠠᠵᠤ ᠠᠬᠤᠢ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ | ᠬᠥᠲᠥᠯᠦᠮᠵᠢ ᠦᠢᠯᠡᠳᠦᠯ ᠢ ᠭᠦᠢᠴᠡᠳ ᠪᠠᠳᠠᠷᠠᠭᠤᠯᠵᠤ᠂ ᠤᠳᠤ ᠶᠢᠨ ᠰᠠᠭᠤᠷᠢ ᠳᠠᠭᠠᠨ ᠲᠦᠰᠢᠭᠯᠡᠨ | ᠰᠠᠨᠠᠭᠠᠴᠢᠯᠠᠭ᠎ᠠ ᠠᠴᠠ ᠪᠠᠨ ᠰᠢᠨ᠎ᠡ ᠶᠢ ᠡᠭᠦᠳᠦᠨ ᠪᠦᠲᠦᠭᠡᠵᠦ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ | ᠪᠠᠶᠢᠷᠢᠰᠢᠭᠤᠯᠬᠤ ᠳᠤ ᠰᠠᠭᠤᠷᠢ ᠶᠢ ᠪᠠᠲᠤᠳᠬᠠᠵᠤ᠂ ᠳᠠᠪᠠᠭᠤᠯᠢᠭ ᠢ ᠪᠠᠲᠤᠳᠬᠠᠨ᠎ᠠ᠃ ︽ᠰᠢᠨᠵᠢᠯᠡᠬᠦ ᠤᠬᠠᠭᠠᠨ | ᠮᠡᠷᠭᠡᠵᠢᠯ ᠤᠨ ᠰᠢᠪᠳᠤᠯᠤᠯᠳᠠ︾ ᠳᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢᠲᠠᠨ ᠤ | ᠳᠤᠲᠠᠭᠳᠠᠯ ᠢ ᠨᠥᠬᠦᠪᠥᠷᠢᠯᠡᠨ᠎ᠡ᠃ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠪᠣᠭᠤᠮᠲᠠ | ᠰᠢᠪᠲᠤᠯᠬᠤ ᠪᠠ ᠦᠷ᠎ᠡ ᠪᠦᠲᠦᠭᠡᠯ ᠢ ᠤᠯᠠᠷᠢᠭᠤᠯᠬᠤ ᠶᠢ ᠳᠡᠮᠵᠢᠬᠦ 10 ᠠᠷᠭ᠎ᠠ ᠬᠡᠮᠵᠢᠶ᠎ᠡ ᠶᠢ ᠨᠡᠶᠢᠲᠡᠯᠡᠵᠦ᠂ 2024 | ᠣᠨ ᠳᠤ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ 13 ᠠᠵᠤ ᠠᠬᠤᠶᠢᠯᠠᠯ ᠪᠠ ᠳᠤᠮᠳᠠ ᠵᠢᠵᠢᠭ 6 ᠠᠵᠤ | ᠠᠬᠤᠶᠢᠯᠠᠯ ᠢ ᠰᠢᠨ᠎ᠡ ᠪᠠᠷ ᠨᠡᠮᠡᠭᠳᠡᠭᠦᠯᠦᠨ᠎ᠡ᠃ ᠲᠠᠷᠢᠶᠠᠯᠠᠩ ᠮᠠᠯ ᠠᠵᠤ ᠠᠬᠤᠶ᠂ ᠠᠮᠢ ᠠᠬᠤᠶ ᠵᠡᠷᠭᠡ ᠪᠠᠭᠤᠷᠠᠶ | ᠬᠦᠷᠢᠶ᠎ᠡ ᠴᠠᠷᠠᠭ᠎ᠠ ᠯᠤᠭ᠎ᠠ ᠨᠢᠭᠲᠠ ᠤᠶᠠᠯᠳᠤᠭᠤᠯᠤᠨ᠂ ᠪᠥᠬᠦ ᠬᠤᠲᠠ ᠳᠤ ᠤᠷᠢᠳᠠᠪᠠᠷ ᠪᠡᠶ᠎ᠡ ᠪᠠᠨ ᠳᠠᠭᠠᠭᠠᠵᠤ | ᠰᠢᠯᠭᠠᠨ ᠪᠠᠶᠢᠴᠠᠭᠠᠬᠤ ᠪᠠᠷ ᠳᠡᠮᠵᠢᠨ 27 ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠪᠠ᠃ | ᠦᠢᠯᠡᠳᠬᠡᠯ ᠤᠨ ᠦᠢᠯᠡᠰ ᠢ ︽ᠭᠤᠷᠪᠠᠨ ᠨᠢᠭᠡ ᠪᠦᠯᠦᠭ︾ ᠢ ᠬᠡᠷᠡᠭᠵᠢᠭᠦᠯᠵᠦ ᠪᠤᠵᠠᠭᠠᠶᠢᠷᠠᠭᠤᠯᠤᠨ᠎ᠠ᠃ ᠠᠵᠤ | ᠠᠬᠤᠶᠢᠯᠠᠯᠲᠠᠨ ᠤ ᠬᠤᠳᠠᠯᠳᠤᠭᠠᠴᠢᠨ ᠤᠷᠢᠬᠤ ᠵᠥᠪᠯᠡᠭᠴᠢ ᠶᠢ ᠤᠷᠢᠬᠤ ᠪᠠᠷ ᠳᠠᠮᠵᠢᠭᠤᠯᠤᠨ ᠨᠢᠭᠡ ᠪᠦᠯᠦᠭ ᠢ | ᠣᠷᠣᠭᠤᠯᠤᠨ ᠠᠪᠴᠢᠷᠠᠵᠤ᠂ ᠠᠵᠤ ᠠᠬᠤᠶᠢᠯᠠᠯ ᠢ ᠬᠠᠪᠰᠤᠷᠤᠨ ᠵᠠᠬ᠎ᠠ ᠳᠡᠯᠭᠡᠭᠦᠷ ᠢ ᠥᠷᠭᠡᠳᠬᠡᠵᠦ᠂ ᠬᠡᠯᠪᠡᠷᠢ ᠶᠢ | ᠬᠤᠪᠢᠷᠠᠭᠤᠯᠬᠤ ᠶᠢ ᠠᠬᠢᠭᠤᠯᠬᠤ ᠪᠠᠷ ᠨᠢᠭᠡ ᠪᠦᠯᠦᠭ ᠢ ᠪᠤᠵᠠᠭᠠᠶᠢᠷᠠᠭᠤᠯᠵᠤ᠂ ᠨᠢᠬᠡ ᠪᠦᠯᠦᠭ ᠢ ᠠᠮᠢᠳᠤᠯᠢᠭ | ᠡᠷᠬᠢᠯᠳᠦᠬᠦᠯᠵᠤ ᠳᠠᠪᠠᠭᠤᠯᠢᠭ ᠠᠵᠤ ᠦᠢᠯᠡᠰ ᠤᠨ ᠬᠡᠯᠬᠢᠶ᠎ᠡ ᠶᠢᠨ ᠲᠥᠪᠯᠡᠷᠡᠯ ᠢ ᠠᠬᠢᠭᠤᠯᠵᠤ᠂ ᠴᠢᠯᠠᠭᠤᠵᠢᠮᠡᠯ ᠴᠠᠭᠠᠰᠤ | ᠪᠠ ᠭᠤᠷᠪᠠᠨ ᠹᠯᠣᠷᠲᠤ ᠠᠽᠣᠲ ᠤᠨ ᠡᠯᠧᠺᠲᠷᠤᠨ ᠮᠠᠲ᠋ᠧᠷᠢᠶᠠᠯ ᠤᠨ ᠦᠢᠯᠡᠳᠪᠦᠷᠢᠯᠡᠬᠦ ᠴᠢᠳᠠᠪᠤᠷᠢ ᠶᠢᠨ ᠪᠥᠬᠦ | ᠤᠯᠤᠰ ᠤᠨ ᠬᠤᠪᠢ ᠶᠢᠨ ᠲᠤᠭ᠎ᠠ ᠳᠠᠬᠢ ᠡᠵᠡᠯᠡᠬᠦ ᠬᠤᠪᠢ ᠶᠢᠨ ᠵᠢᠩ ᠨᠢ ᠲᠣᠰ ᠲᠣᠰ ᠭᠤᠷᠪᠠᠨ ᠤ ᠨᠢᠭᠡ ᠬᠤᠪᠢ ᠪᠠ | ᠳᠦᠷᠪᠡᠨ ᠤ ᠨᠢᠬᠡ ᠬᠤᠪᠢ ᠶᠢ ᠳᠠᠪᠠᠵᠤ᠂ ᠦᠢᠯᠡᠳᠪᠦᠷᠢᠯᠡᠯ ᠵᠣᠭᠰᠣᠭᠰᠠᠨ 6 ᠠᠵᠤ ᠦᠢᠯᠡᠳᠪᠦᠷᠢ ᠶᠢᠨ ᠠᠵᠤ | ᠠᠬᠤᠶᠢᠯᠠᠯ ᠤᠨ ᠬᠦᠴᠦᠷ ᠢ ᠳᠤᠭᠤᠯᠵᠤ ᠳᠠᠬᠢᠨ ᠰᠡᠷᠭᠦᠬᠦ ᠶᠢ ᠪᠡᠶᠡᠯᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠨᠢ 15 ᠰᠠᠷ᠎ᠠ ᠳᠠᠷᠠᠭᠠᠯᠠᠨ ᠬᠤᠶᠠᠷ ᠣᠷᠣᠨᠲᠤ | ᠲᠤᠭ᠎ᠠ ᠶᠢᠨ ᠲᠦᠷᠭᠡᠨ ᠨᠡᠮᠡᠭᠳᠡᠯ ᠢ ᠪᠠᠲᠤᠯᠠᠪᠠ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ | ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠪᠥᠬᠦ ᠬᠤᠲᠠ ᠳᠤ ᠡᠩ ᠲᠡᠷᠢᠭᠦᠨ ᠳᠤ ᠠᠵᠤ | ᠠᠬᠤᠶᠢᠯᠠᠯ ᠤᠨ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ᠣᠷᠣᠯᠠᠨ ᠭᠦᠢᠴᠡᠳᠬᠡᠬᠦ ᠦᠢᠯᠡᠴᠢᠯᠡᠭᠡᠨ ᠤ | ᠲᠥᠪ ᠢ ᠪᠠᠶᠢᠭᠤᠯᠵᠤ᠂ ︽ᠠᠵᠤ ᠠᠬᠤᠶᠢᠯᠠᠯ ᠡᠷᠭᠢᠯᠡᠬᠦ ᠲᠣᠮᠣ ᠪᠡᠯᠡᠭ︾᠂ ︽ᠵᠢᠨᠢᠩ ᠤᠨ ᠰᠤᠪᠠᠭ︾ ᠸᠢᠴᠠᠲ ᠤᠨ | ᠵᠢᠵᠢᠭ ᠫᠷᠤᠭ᠍ᠷᠠᠮ ᠵᠡᠷᠭᠡ ᠠᠵᠤ ᠠᠬᠤᠶᠢᠯᠠᠯ ᠳᠤ ᠠᠰᠢᠭ ᠬᠦᠷᠲᠡᠭᠡᠬᠦ ᠦᠢᠯᠡᠴᠢᠯᠡᠭᠡ ᠶᠢ ᠭᠠᠷᠭᠠᠵᠤ᠂ ᠭᠤᠤᠯᠳᠠᠯᠭ᠎ᠠ ᠲᠠᠢ | ᠲᠥᠷᠥᠯ ᠵᠦᠢᠯ ᠳᠤ ︽ᠨᠢᠭᠡ ᠠᠵᠤ ᠠᠬᠤᠶᠢᠯᠠᠯ ᠨᠢᠭᠡ ᠲᠠᠩᠰᠠ ᠡᠪᠬᠡᠮᠡᠯ︾ ᠢ ᠬᠡᠷᠡᠭᠵᠢᠭᠦᠯᠵᠦ ᠭᠠᠷᠳᠠᠮ | ᠭᠦᠢᠴᠡᠳᠭᠡᠬᠦ ᠶᠢ ᠲᠦᠷᠭᠡᠳᠬᠡᠵᠦ᠂ ᠪᠥᠬᠦ ᠣᠷᠣᠨ ᠤ ᠡᠵᠡᠩᠨᠡᠯᠲᠡ ᠶᠢᠨ ᠵᠠᠬ᠎ᠠ ᠳᠡᠯᠭᠡᠭᠦᠷ ᠤᠨ ᠭᠤᠤᠯ ᠴᠣᠭᠴᠠ ᠨᠢ | ᠠᠩᠬ᠎ᠠ ᠤᠳᠠᠭ᠎ᠠ 5 ᠲᠦᠮᠡᠨ ᠡᠷᠦᠬᠡ ᠶᠢ ᠳᠠᠪᠠᠪᠠ᠃ ︽ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠪᠦᠲᠦᠭᠡᠵᠦ | ᠳᠠᠭᠤᠰᠬᠠᠬᠤ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠮᠥᠩᠬᠡ ᠰᠣᠪᠠᠭ · ᠵᠢᠨᠢᠩ ᠤᠨ ᠰᠤᠪᠠᠭ︾ ᠤᠨ | ᠲᠠᠪᠴᠠᠩ ᠳᠤ ᠲᠦᠰᠢᠭᠯᠡᠨ᠂ ᠰᠢᠨ᠎ᠡ ᠰᠤᠷᠤᠭᠴᠢ ᠰᠤᠷᠭᠠᠭᠤᠯᠢ ᠳᠤ ᠣᠷᠣᠬᠤ᠂ ᠡᠷᠡᠭᠦᠯ ᠮᠡᠨᠳᠦ ᠶᠢᠨ ᠦᠨᠡᠮᠯᠡᠯ ᠢ | ᠭᠦᠢᠴᠡᠳᠬᠡᠬᠦ ᠵᠡᠷᠭᠡ ᠣᠯᠠᠨ ᠲᠦᠮᠡᠨ᠂ ᠠᠵᠤ ᠠᠬᠤᠶᠢᠯᠠᠯ ᠤᠨ ︽ᠳᠡᠷᠭᠡᠳᠡᠬᠢ ᠶᠠᠪᠤᠳᠠᠯ︾ ᠤᠨ ︽ᠨᠢᠭᠡ ᠯᠡ | ᠤᠳᠠᠭ᠎ᠠ ᠳᠤ ᠭᠦᠢᠴᠡᠳᠬᠡᠬᠦ︾ ᠶᠢ ᠪᠡᠶᠡᠯᠡᠭᠦᠯᠦᠨ᠎ᠡ᠃ ᠤᠯᠤᠰ ᠤᠨ ᠥᠮᠴᠢᠯᠡᠯ ᠤᠨ ᠠᠵᠤ ᠠᠬᠤᠢᠯᠠᠯ ᠤᠨ | ᠥᠭᠡᠷᠡᠴᠢᠯᠡᠯᠲᠡ ᠶᠢ ᠭᠦᠨᠵᠡᠭᠡᠢᠷᠡᠭᠦᠯᠵᠦ ︽ᠤᠯᠤᠰ ᠤᠨ ᠥᠮᠴᠢᠯᠡᠯ ᠤᠨ ᠠᠵᠤ ᠠᠬᠤᠢᠯᠠᠯ ᠤᠨ ᠪᠦᠰᠡᠯᠡᠯᠲᠡ ᠶᠢ | ᠰᠢᠪᠳᠤᠯᠬᠤ︾ ᠳᠤ ᠬᠦᠴᠦᠨ ᠨᠡᠮᠡᠷᠢᠯᠡᠨ᠎ᠡ᠃ ᠲᠣᠭᠤᠷᠢᠭ ᠤᠨ ᠬᠠᠷᠢᠶ᠎ᠠ 7 ᠤᠯᠤᠰ ᠤᠨ ᠥᠮᠴᠢᠯᠡᠯ ᠤᠨ ᠠᠵᠤ | ᠠᠬᠤᠶᠢᠯᠠᠯ ᠢ ᠳᠠᠬᠢᠨ ᠵᠣᠬᠢᠶᠠᠨ ᠪᠠᠶᠢᠭᠤᠯᠵᠤ 5 ᠪᠣᠯᠭᠠᠨ ᠡᠮᠬᠢᠯᠡᠨ ᠨᠡᠶᠢᠯᠡᠭᠦᠯᠵᠦ᠂ ᠳᠠᠭᠠᠭᠠᠮᠠᠯ ᠤᠨ ᠲᠠᠰ ᠢ | ᠰᠣᠩᠭᠤᠨ ᠬᠡᠷᠡᠭᠯᠡᠬᠦ᠂ ᠬᠢᠨᠠᠨ ᠰᠢᠯᠭᠠᠵᠤ ᠬᠤᠪᠢᠶᠠᠷᠢᠯᠠᠬᠤ᠂ ᠠᠵᠤ ᠠᠬᠤᠶᠢᠯᠠᠯ ᠤᠨ ᠬᠠᠮᠢᠶᠠᠷᠤᠯᠲᠠ ᠶᠢᠨ ︽ᠭᠤᠷᠪᠠᠨ | ᠵᠦᠢᠯ ᠤᠨ ᠥᠭᠡᠷᠡᠴᠢᠯᠡᠯᠲᠡ︾ ᠶᠢ ᠭᠦᠨᠵᠡᠭᠡᠶᠢᠷᠡᠭᠦᠯᠦᠨ᠂ ᠡᠳ᠋ ᠬᠥᠷᠥᠩᠭᠡ᠂ ᠠᠵᠢᠯᠲᠠᠨ ᠤ ᠶᠠᠪᠤᠳᠠᠯ᠂ ᠠᠶᠤᠯ | ᠲᠦᠭᠰᠢᠭᠦᠷᠢ᠂ ᠣᠪᠣᠷ ᠰᠤᠷᠲᠠᠯ ︽ᠲᠠᠪᠤ ᠶᠢ ᠲᠦᠢᠯᠪᠤᠷᠢᠲᠠᠢ ᠪᠠᠶᠢᠴᠠᠭᠠᠬᠤ︾ ᠶᠢ ᠥᠷᠨᠢᠭᠦᠯᠵᠦ᠂ ︽ᠮᠠᠷᠢᠶ᠎ᠠ | ᠰᠢᠭᠤᠷᠠᠭᠤᠯᠵᠤ ᠪᠡᠶ᠎ᠡ ᠮᠠᠬᠠᠪᠣᠳ ᠢᠶᠠᠨ ᠬᠦᠴᠦᠷᠬᠡᠭᠵᠢᠭᠦᠯᠦᠭᠰᠡᠨ︾ ᠤ ᠳᠠᠷᠠᠭ᠎ᠠ ᠭᠤᠤᠯ ᠡᠵᠡᠩᠨᠡᠯᠲᠡ ᠶᠢᠨ | ᠲᠤᠬᠠᠶᠢᠯᠠᠭᠰᠠᠨ ᠠᠵᠢᠯ ᠳᠤ ᠨᠠᠩ ᠢᠯᠡᠭᠦᠤ ᠠᠩᠬᠠᠷᠤᠯ ᠢᠶᠠᠨ ᠲᠥᠪᠯᠡᠷᠡᠭᠦᠯᠵᠦ᠂ ᠳᠠᠪᠠᠭᠤᠯᠢᠭ ᠢᠶᠠᠨ ᠬᠠᠷᠢᠯᠴᠠᠨ | ᠨᠥᠬᠦᠪᠥᠷᠢᠯᠡᠬᠦ ᠨᠢ ᠨᠠᠩ ᠢᠯᠡᠷᠬᠡᠶ ᠪᠣᠯᠪᠠ᠃ | ᠥᠪᠥᠷ ᠮᠣᠩᠭᠤᠯ ᠤᠨ ᠡᠳᠦᠷ ᠤᠨ ᠰᠣᠨᠢᠨ᠄ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠶᠢ | ᠠᠬᠢᠭᠤᠯᠬᠤ ᠶᠢᠨ ᠦᠨᠳᠦᠰᠦᠨ ᠵᠣᠷᠢᠯᠭ᠎ᠠ ᠪᠣᠯ ᠳᠠᠷᠤᠶ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠪᠥᠬᠦ | ᠠᠷᠠᠳ ᠲᠦᠮᠡᠨ ᠳᠤ ᠨᠠᠩ ᠣᠯᠠᠨ ᠨᠠᠩ ᠡᠷᠬᠡ ᠲᠡᠭᠰᠢ ᠪᠠᠷ ᠬᠦᠷᠲᠡᠭᠡᠬᠦ ᠶᠠᠪᠤᠳᠠᠯ ᠪᠣᠯᠤᠨ᠎ᠠ᠃ ᠠᠷᠠᠳ ᠤᠨ ᠬᠦᠰᠡᠯ | ᠡᠷᠡᠮᠡᠯᠵᠡᠯ ᠪᠣᠯ ᠳᠠᠷᠤᠢ ᠥᠭᠡᠷᠡᠴᠢᠯᠡᠯᠲᠡ ᠶᠢᠨ ᠬᠠᠨᠳᠤᠰᠢ ᠮᠥᠨ᠂ ᠥᠭᠡᠷᠡᠴᠢᠯᠡᠯᠲᠡ ᠪᠠᠷ ᠠᠷᠠᠳ ᠤᠨ ᠠᠮᠢᠳᠤᠷᠠᠯ ᠤᠨ | ᠪᠠᠲᠤᠯᠠᠭ᠎ᠠ ᠶᠢᠨ ᠬᠦᠴᠢᠷ ᠠᠰᠠᠭᠤᠳᠠᠯ ᠢ ᠰᠢᠢᠳᠪᠦᠷᠢᠯᠡᠬᠦ ᠶᠢ ᠬᠡᠷᠬᠢᠨ ᠪᠠᠷᠢᠮᠳᠠᠯᠠᠬᠤ ᠪᠤᠢ︖ | ᠵᠠᠩ ᠶᠦᠩ ᠸᠧᠨ᠄ ᠨᠢᠭᠡ ᠲᠠᠯ᠎ᠠ ᠪᠣᠯ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠤᠯᠭᠠᠮ᠎ᠠ | ᠬᠡᠷᠡᠭᠴᠡᠭᠡ ᠮᠥᠨ᠂ ᠨᠥᠭᠦᠭᠡ ᠲᠠᠯ᠎ᠠ ᠪᠣᠯ ᠡᠳ᠋ ᠤᠨ ᠵᠠᠰᠠᠭ ᠪᠠᠴᠢᠮ ᠪᠠᠶᠢᠭ᠎ᠠ ᠪᠣᠳᠠᠲᠤ ᠬᠦᠴᠢᠷᠳᠡᠯ ᠤᠨ ᠡᠮᠦᠨ᠎ᠡ᠂ | ᠵᠢᠨᠢᠩ ᠲᠣᠭᠤᠷᠢᠭ ᠵᠠᠳᠠᠯᠬᠤ ᠰᠡᠳᠬᠢᠬᠦᠶ ᠪᠠᠨ ᠴᠢᠩᠭᠠᠷᠠᠭᠤᠯᠵᠤ᠂ ᠠᠷᠠᠳ ᠤᠨ ᠠᠮᠢᠳᠤᠷᠠᠯ ᠤᠨ ᠴᠢᠬᠤᠯᠠ | ᠭᠠᠵᠠᠷ ᠠᠴᠠ ᠥᠭᠡᠷᠡᠴᠢᠯᠡᠯᠲᠡ ᠶᠢᠨ ᠰᠢᠪᠲᠤᠯᠤᠯᠲᠠ ᠶᠢᠨ ᠴᠡᠭ ᠢ ᠡᠷᠢᠯᠬᠢᠯᠡᠵᠦ᠂ ᠵᠠᠬ᠎ᠠ ᠳᠡᠯᠭᠡᠭᠦᠷᠴᠢᠯᠡᠭᠰᠡᠨ ᠠᠷᠭ᠎ᠠ | ᠪᠠᠷᠢᠯ ᠢᠶᠠᠷ ᠣᠯᠠᠨ ᠲᠦᠮᠡᠨ ᠳᠤ ᠦᠢᠯᠡᠴᠢᠯᠡᠬᠦ ᠬᠢᠷᠢ ᠲᠦᠪᠰᠢᠨ ᠢᠶᠠᠨ ᠳᠡᠭᠡᠭᠰᠢᠯᠡᠭᠦᠯᠪᠡ᠃ ︽ᠣᠯᠠᠨ ᠲᠦᠮᠡᠨ ᠤ | ᠡᠪᠡᠳᠴᠢᠨ ᠦᠵᠡᠭᠦᠯᠵᠦ ᠠᠯᠤᠰ ᠬᠤᠯᠠ ᠰᠤᠷᠤᠯᠴᠠᠬᠤ︾ ᠠᠰᠠᠭᠤᠳᠠᠯ ᠢ ᠴᠢᠷᠮᠠᠶᠢᠨ ᠰᠢᠢᠳᠪᠦᠷᠢᠯᠡᠪᠡ᠃ ᠡᠮ | ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠲᠠᠢ ᠤᠶᠠᠯᠳᠤᠭᠤᠯᠤᠨ᠂ ᠠᠯᠪᠠᠨ ᠠᠴᠠ | ᠪᠠᠶᠢᠭᠤᠯᠤᠭᠰᠠᠨ ᠭᠤᠷᠪᠠᠳᠤᠭᠠᠷ ᠡᠮᠨᠡᠯᠭᠡ ᠶᠢᠨ ᠬᠤᠷᠢᠶ᠎ᠠ ᠬᠢᠭᠡᠳ ᠪᠡᠭᠡᠵᠢᠩ ᠤᠨ ᠴᠠᠩ ᠴᠦᠨ ᠲᠧᠩ ᠠᠨᠠᠭᠠᠬᠤ | ᠤᠬᠠᠭᠠᠨ ᠤ ᠳᠡᠭᠡᠳᠦ ᠲᠠᠰ ᠤᠨ ᠴᠢᠳᠠᠪᠤᠷᠢᠲᠠᠨ ᠤ ᠬᠤᠯᠪᠣᠭ᠎ᠠ ᠳᠤ ᠭᠦᠨᠵᠡᠭᠡᠶ ᠬᠠᠮᠲᠤᠷᠠᠯᠴᠠᠭ᠎ᠠ ᠪᠠᠶᠢᠭᠤᠯᠬᠤ ᠶᠢ | ᠠᠬᠢᠭᠤᠯᠵᠤ᠂ 2024 ᠣᠨ ᠳᠤ 260 ᠭᠠᠷᠤᠶ ᠬᠥᠮᠦᠨ ᠤᠳᠠᠭ᠎ᠠ ᠪᠡᠭᠡᠵᠢᠩ ᠤᠨ ᠲᠤᠰᠬᠠᠶ ᠮᠡᠷᠭᠡᠵᠢᠯᠲᠡᠨ | ᠵᠢᠨᠢᠩ ᠳᠤ ᠢᠷᠡᠵᠦ ᠡᠪᠡᠳᠴᠢᠨ ᠦᠵᠡᠵᠤ᠂ 8700 ᠭᠠᠷᠤᠶ ᠣᠯᠠᠨ ᠲᠦᠮᠡᠨ ᠲᠤᠬᠠᠶ ᠶᠢᠨ ᠭᠠᠵᠠᠷ ᠲᠤ | ᠨᠡᠶᠢᠰᠯᠡᠯ ᠤᠨ ᠡᠮᠴᠢᠯᠡᠭᠡᠨ ᠤ ᠦᠢᠯᠡᠳᠢᠯᠡᠭᠡ ᠶᠢ ᠭᠥᠷᠳᠡᠪᠡ᠃ 15 ᠳᠤᠮᠳᠠᠳᠤ ᠪᠠᠭ᠎ᠠ ᠰᠤᠷᠭᠠᠭᠤᠯᠢ ᠳᠤ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠪᠦᠯᠦᠭᠵᠢᠭᠰᠡᠨ ᠰᠤᠷᠭᠠᠭᠤᠯᠢ ᠡᠷᠭᠢᠯᠡᠬᠦ ᠥᠭᠡᠷᠡᠴᠢᠯᠡᠯᠲᠡ ᠶᠢ ᠰᠦᠪᠡᠭᠴᠢᠯᠡᠨ | ᠬᠡᠷᠡᠭᠵᠢᠭᠦᠯᠵᠦ᠂ ᠬᠦᠴᠦᠷᠬᠡᠭ ᠢᠶᠠᠷ ᠪᠠᠭᠤᠷᠠᠶ ᠶᠢ ᠳᠠᠶᠢᠴᠢᠯᠠᠬᠤ᠂ ᠡᠬᠢ ᠪᠠᠶᠠᠯᠢᠭ ᠢ ᠬᠠᠮᠲᠤ ᠪᠠᠷ ᠭᠥᠷᠳᠡᠬᠦ ᠶᠢ | ᠪᠡᠶᠡᠯᠡᠭᠦᠯᠵᠦ᠂ 1.2 ᠲᠦᠮᠡᠨ ᠰᠣᠷᠣᠭᠴᠢ ᠬᠡᠷ ᠤᠨ ᠢᠶᠠᠨ ᠡᠭᠦᠳᠡᠨ ᠳᠤ ᠴᠢᠨᠠᠷ ᠰᠠᠶᠢᠲᠠᠶ ᠲᠡᠩᠴᠡᠭᠦᠷᠢᠲᠡᠶ ᠰᠤᠷᠭᠠᠨ | ᠬᠥᠮᠦᠵᠢᠯ ᠭᠥᠷᠳᠡᠪᠡ᠃ ︽ᠤᠰᠤ ᠴᠠᠬᠢᠯᠭᠠᠨ ᠤ ᠬᠠᠩᠭᠠᠯᠭ᠎ᠠ ᠶᠢ ᠪᠠᠲᠤᠯᠠᠬᠤ ᠡᠭᠦᠷᠭᠡ ᠬᠦᠨᠳᠦ ᠪᠠᠶᠢᠬᠤ︾ | ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ᠨᠡᠶᠢᠭᠡᠮ ᠤᠨ ᠬᠦᠴᠦᠨ ᠢ ᠬᠥᠲᠥᠯᠥᠨ ᠵᠢᠯᠣᠭᠤᠳᠴᠤ ᠪᠠᠶᠢᠭᠠᠳ | ᠬᠤᠲᠠ ᠶᠢᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠳᠤ ᠢᠳᠡᠪᠬᠢᠲᠡᠶ ᠣᠷᠣᠯᠴᠠᠭᠤᠯᠵᠤ᠂ 1 | ᠤᠯᠤᠰ ᠤᠨ ᠥᠮᠴᠢᠯᠡᠯ ᠤᠨ ᠠᠵᠤ ᠠᠬᠤᠶᠢᠯᠠᠯ ᠪᠠ 3 ᠢᠯᠴᠢ ᠶᠢᠨ ᠬᠦᠴᠦᠨ ᠤ ᠺᠣᠮᠫᠠᠨᠢ ᠲᠠᠢ ᠬᠤᠯᠪᠣᠭᠠᠯᠠᠨ | ᠬᠠᠮᠲᠤ ᠪᠠᠷ 5.42 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ︽ᠳᠤᠯᠠᠭᠠᠯᠠᠬᠤ ᠢᠨᠵᠧᠨᠧᠷᠢᠩ︾ ᠢ | ᠬᠡᠷᠡᠭᠵᠢᠭᠦᠯᠦᠨ᠂ 86 ᠺᠢᠯᠣᠮᠧᠲᠷ ᠤᠨ ᠬᠤᠭᠤᠯᠠᠶ ᠶᠢᠨ ᠲᠣᠤᠷ᠂ 328 ᠢᠯᠴᠢ ᠰᠣᠯᠢᠬᠤ ᠥᠷᠲᠡᠭᠡ ᠶᠢ | ᠥᠭᠡᠷᠡᠴᠢᠯᠡᠨ ᠪᠠᠶᠢᠭᠤᠯᠵᠤ᠂ 161 ᠰᠠᠭᠤᠭᠠᠯᠢ ᠲᠣᠭᠤᠷᠢᠭ᠂ 3.5 ᠲᠦᠮᠡᠨ ᠡᠷᠦᠬᠡ ᠰᠠᠭᠤᠭᠠᠯᠢ ᠠᠷᠠᠳ ᠲᠤ | ᠠᠰᠢᠭ ᠬᠦᠷᠲᠡᠭᠡᠪᠡ᠃ ᠪᠣᠳᠠᠲᠤ ᠬᠦᠴᠦᠨ ᠪᠦᠬᠦᠢ ᠤᠯᠤᠰ ᠤᠨ ᠥᠮᠴᠢᠯᠡᠯᠲᠦ ᠠᠵᠤ ᠠᠬᠤᠶᠢᠯᠠᠯ ᠯᠤᠭ᠎ᠠ | ᠬᠠᠮᠲᠤᠷᠠᠯᠴᠠᠵᠤ᠂ ᠣᠨᠴᠠ ᠵᠥᠪᠰᠢᠶᠡᠷᠡᠬᠦ ᠡᠵᠡᠩᠨᠡᠯᠲᠡ ᠶᠢ ᠰᠢᠯᠢᠳᠡᠭᠵᠢᠬᠦᠯᠬᠦ ᠪᠠᠷ ᠳᠠᠮᠵᠢᠭᠤᠯᠤᠨ ᠤᠰᠤ ᠬᠠᠩᠭᠠᠬᠤ | ᠤᠰᠤ ᠵᠠᠯᠠᠬᠤ᠂ ᠪᠣᠬᠢᠷ ᠤᠰᠤ ᠶᠢ ᠰᠢᠢᠳᠪᠦᠷᠢᠯᠡᠬᠦ ᠵᠡᠷᠭᠡ ᠦᠯᠡᠳᠡᠭᠡᠯ ᠤᠰᠤᠨ ᠤ ᠡᠳ᠋ ᠬᠥᠷᠥᠩᠭᠡ ᠶᠢ ᠡᠮᠬᠢᠯᠡᠨ | ᠨᠡᠶᠢᠯᠡᠭᠦᠯᠵᠦ ᠰᠢᠯᠢᠳᠡᠭᠵᠢᠭᠦᠯᠬᠦ ᠶᠢ ᠠᠬᠢᠭᠤᠯᠵᠤ᠂ ᠤᠰᠤᠨ ᠤ ᠡᠬᠢ ᠪᠠᠶᠠᠯᠢᠭ ᠤᠨ ᠨᠡᠶᠢᠭᠡᠮ ᠤᠨ ᠦᠷ᠎ᠡ ᠠᠰᠢᠭ᠂ | ᠠᠵᠤ ᠠᠬᠤᠶ ᠶᠢᠨ ᠦᠷ᠎ᠡ ᠠᠰᠢᠭ ᠢ ᠪᠥᠬᠦ ᠲᠠᠯ᠎ᠠ ᠪᠠᠷ ᠳᠡᠭᠡᠭᠰᠢᠯᠡᠭᠦᠯᠪᠡ᠃ ︽ᠨᠠᠰᠤᠵᠢᠯ ᠤᠨ ᠠᠰᠠᠷᠠᠮᠵᠢ ᠶᠢᠨ | ᠤᠷᠤᠭ ᠤᠨ ᠵᠠᠩᠰᠢᠯ ᠤᠨ ᠦᠢᠯᠡᠴᠢᠯᠡᠭᠡ ᠬᠦᠴᠢᠷᠲᠡᠢ ᠪᠠᠢᠬᠤ︾ ᠠᠰᠠᠭᠤᠳᠠᠯ ᠢ ᠬᠦᠴᠦᠯᠡᠨ ᠰᠢᠢᠳᠪᠦᠷᠢᠯᠡᠪᠡ᠃ ︽ | ᠵᠠᠰᠠᠭ ᠤᠨ ᠣᠷᠳᠣᠨ ᠬᠥᠲᠥᠯᠦᠨ ᠵᠢᠯᠣᠭᠤᠳᠴᠤ᠂ ᠨᠡᠶᠢᠭᠡᠮ ᠨᠡᠶᠢᠲᠡ ᠪᠠᠷ ᠢᠶᠠᠨ ᠣᠷᠣᠯᠴᠠᠬᠤ︾ ᠵᠠᠭᠪᠤᠷ ᠢ ᠠᠪᠴᠤ᠂ | ᠨᠠᠰᠤᠲᠠᠶᠢᠴᠤᠳ ᠲᠥᠪᠯᠡᠷᠡᠭᠰᠡᠨ ᠣᠷᠣᠨ ᠪᠦᠰᠡ ᠳᠤ ᠨᠠᠰᠤᠲᠠᠶᠢᠴᠤᠳ ᠤᠨ ᠠᠷᠠᠳ ᠲᠤ ᠠᠰᠢᠭ ᠬᠦᠷᠲᠡᠭᠡᠬᠦ 17 | ᠬᠤᠭᠤᠯᠠᠨ ᠬᠡᠷ ᠪᠠ 12 ᠲᠤᠰᠠᠯᠠᠬᠤ ᠬᠤᠭᠤᠯᠠ ᠶᠢ ᠪᠠᠶᠢᠭᠤᠯᠵᠤ᠂ ︽ᠵᠢᠵᠢᠭ ᠬᠤᠭᠤᠯᠠᠨ ᠬᠡᠷ︾ ᠢᠶᠠᠷ ᠭᠠᠭᠴᠠᠭᠠᠷ | ᠰᠠᠭᠤᠭ᠎ᠠ ᠨᠠᠰᠤᠲᠠᠶᠢᠴᠤᠳ ᠤᠨ ︽ᠶᠡᠭᠡ ᠠᠷᠠᠳ ᠤᠨ ᠠᠮᠢᠳᠤᠷᠠᠯ︾ ᠢ ᠰᠢᠢᠳᠪᠦᠷᠢᠯᠡᠪᠡ︔ ᠬᠡᠷ ᠲᠤᠨᠢ ᠬᠦᠷᠴᠦ | ᠬᠠᠪᠰᠤᠷᠤᠨ ᠵᠢᠯᠣᠭᠤᠳᠬᠤ ᠪᠠ ᠵᠥᠷᠢᠴᠡᠯ ᠢ ᠰᠡᠷᠭᠦᠭᠡᠬᠦ ᠵᠡᠷᠭᠡ ᠭᠡᠷ ᠪᠦᠯᠢ ᠶᠢᠨ ᠤᠷᠤᠭ ᠤᠨ ᠦᠢᠯᠡᠴᠢᠯᠡᠭᠡᠨ ᠤ | ᠲᠥᠷᠥᠯ ᠤᠨ ᠲᠥᠷᠥᠯ ᠵᠦᠢᠯ ᠢ ᠰᠢᠨ᠎ᠡ ᠪᠠᠷ ᠡᠭᠦᠳᠦᠨ ᠭᠠᠷᠭᠠᠵᠤ᠂ 6000 ᠭᠠᠷᠤᠶ ᠬᠥᠮᠦᠨ ᠤᠳᠠᠭ᠎ᠠ ᠤᠷᠤᠭ | ᠰᠠᠯᠬᠤ ᠶᠢ ᠵᠢᠭᠠᠨ ᠵᠢᠯᠣᠭᠤᠳᠬᠤ ᠠᠵᠢᠯ ᠢ ᠥᠷᠨᠢᠭᠦᠯᠵᠦ᠂ ᠪᠥᠬᠦ ᠤᠯᠤᠰ ᠤᠨ ᠤᠷᠤᠭ ᠤᠨ ᠵᠠᠩᠰᠢᠯ ᠤᠨ | ᠥᠭᠡᠷᠡᠴᠢᠯᠡᠯᠲᠡ ᠶᠢᠨ ᠲᠤᠷᠰᠢᠯᠲᠠ ᠶᠢᠨ ᠣᠷᠣᠨ ᠤ ᠨᠡᠶᠢᠲᠡᠯᠢᠭ ᠵᠢᠱᠢᠶᠡᠨ ᠳᠤ ᠠᠮᠵᠢᠯᠲᠠ ᠲᠠᠢ ᠪᠠᠷ ᠰᠣᠩᠭᠤᠨ | ᠣᠷᠤᠪᠡ᠃ | ᠦᠪᠤᠷ ᠮᠣᠩᠭᠤᠯ ᠤᠨ ᠡᠳᠦᠷ ᠤᠨ ᠰᠣᠨᠢᠨ᠄ ᠬᠤᠷᠢᠭ᠎ᠠ ᠱᠤᠭᠤᠮ ᠤᠨ ᠰᠡᠳᠬᠢᠬᠦᠢ ᠪᠠ ᠰᠢᠰᠲ᠋ᠧᠮ ᠤᠨ | ᠦᠵᠡᠯᠲᠡ ᠶᠢ ᠬᠡᠷᠬᠢᠨ ᠪᠠᠲᠤ ᠪᠤᠢ ᠪᠣᠯᠭᠠᠵᠤ᠂ ᠥᠭᠡᠷᠡᠴᠢᠯᠡᠯᠲᠡ ᠬᠢᠵᠦ ᠠᠶᠤᠯ ᠲᠦᠭᠰᠢᠬᠦᠷᠢ ᠶᠢ ᠠᠷᠢᠯᠭᠠᠬᠤ ᠪᠠᠷ | ᠠᠮᠤᠷ ᠲᠦᠪᠰᠢᠨ᠂ ᠠᠮᠢ ᠠᠬᠤᠢ ᠶᠢᠨ ᠬᠥᠭᠵᠢᠯᠲᠡ ᠶᠢᠨ ᠬᠤᠷᠢᠭ᠎ᠠ ᠱᠤᠭᠤᠮ ᠢ ᠪᠠᠲᠤ ᠰᠠᠬᠢᠬᠤ ᠪᠤᠢ︖ | ᠵᠠᠩ ᠶᠦᠩ ᠸᠧᠨ᠄ ᠵᠢᠨᠢᠩ ᠲᠣᠭᠤᠷᠢᠭ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠶᠤᠯ | ᠲᠦᠭᠰᠢᠭᠦᠷᠢ ᠪᠠᠷ ᠥᠭᠡᠷᠡᠴᠢᠯᠡᠯᠲᠡ ᠶᠢ ᠠᠬᠢᠭᠤᠯᠵᠤ᠂ ᠥᠭᠡᠷᠡᠴᠢᠯᠡᠯᠲᠡ ᠪᠠᠷ ᠠᠶᠤᠯ ᠲᠦᠭᠰᠢᠭᠦᠷᠢ ᠶᠢ ᠰᠡᠷᠭᠡᠶᠢᠯᠡᠨ | ᠠᠷᠢᠯᠭᠠᠵᠤ᠂ ᠰᠦᠪᠡᠭᠴᠢᠯᠡᠨ ᠬᠡᠷᠡᠭᠵᠢᠭᠦᠯᠦᠭᠰᠡᠨ ᠠᠯᠢ ᠤᠯᠠᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠨᠢ ᠠᠶᠤᠯ | ᠲᠦᠭᠰᠢᠭᠦᠷᠢ ᠶᠢᠨ ᠲᠦᠭᠵᠢᠷᠡᠯ ᠢ ᠪᠦᠲᠦᠮᠵᠢᠲᠡᠢ ᠰᠢᠢᠳᠪᠦᠷᠢᠯᠡᠵᠦ᠂ ᠬᠥᠭᠵᠢᠯᠲᠡ ᠶᠢᠨ ᠠᠮᠤᠷ ᠲᠦᠪᠰᠢᠨ ᠢ ᠪᠠᠲᠤᠯᠠᠪᠠ | ᠃ ᠵᠠᠬᠢᠳᠠᠯ ᠰᠤᠷᠪᠤᠯᠵᠢᠯᠠᠯ ᠤᠨ ᠬᠦᠷᠢᠶᠡᠨ ᠳᠠᠬᠢ ᠵᠥᠷᠢᠴᠡᠯ ᠤᠨ ᠳᠠᠯᠳᠠ ᠭᠡᠮ ᠤᠨ ᠦᠯᠡᠳᠡᠭᠡᠯ ᠶᠡᠭᠡ ᠠᠶᠤᠯ | ᠲᠦᠭᠰᠢᠭᠦᠷᠢ ᠶᠢ ᠡᠷᠡᠰ ᠰᠡᠷᠭᠡᠶᠢᠯᠡᠨ ᠠᠷᠢᠯᠭᠠᠪᠠ᠃ ᠵᠠᠬᠢᠳᠠᠯ ᠰᠤᠷᠪᠤᠯᠵᠢᠯᠠᠯ ᠤᠨ ᠵᠥᠷᠢᠴᠡᠯ ᠢ ᠬᠠᠮᠲᠤᠷᠠᠨ | ᠡᠶᠡᠳᠡᠭᠦᠯᠦᠨ ᠰᠢᠢᠳᠪᠦᠷᠢᠯᠡᠬᠦ ᠲᠥᠪ ᠢ ᠪᠠᠶᠢᠭᠤᠯᠵᠤ᠂ ᠣᠯᠠᠨ ᠲᠦᠮᠡᠨ ᠤ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ | ︽ᠨᠢᠭᠡ ᠯᠡ ᠥᠷᠲᠡᠭᠡᠨ ᠤ ᠮᠠᠶ᠋ᠢᠭ ᠢᠶᠠᠷ ᠬᠦᠯᠢᠶᠡᠨ ᠠᠪᠴᠤ᠂ ᠪᠦᠬᠦᠨ ᠢ ᠬᠠᠮᠤᠷᠤᠨᠡ︾᠃ ᠵᠠᠬᠢᠳᠠᠯ | ᠰᠤᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠲᠦᠷᠢᠮ ᠤᠨ ᠰᠠᠭᠤᠷᠢᠨ ᠳᠡᠭᠡᠷ᠎ᠡ᠂ ︽ᠬᠠᠷᠢᠶ᠎ᠠ ᠭᠠᠵᠠᠷ + ᠠᠵᠢᠯ | ᠶᠠᠪᠤᠳᠠᠯ ᠤᠨ ᠡᠷᠬᠡ ᠶᠢᠨ ᠨᠢᠭᠡᠴᠡ︾ ᠶᠢᠨ ᠬᠤᠶᠠᠷ ᠢ ᠣᠷᠣᠯᠠᠨ ᠭᠦᠢᠴᠡᠳᠬᠡᠬᠦ 2.0 ᠲᠣᠭᠲᠠᠴᠠ ᠶᠢ ᠭᠠᠷᠭᠠᠵᠤ᠂ | ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠣᠷᠣᠯᠠᠨ ᠭᠦᠢᠴᠡᠳᠬᠡᠬᠦ ᠨᠣᠷᠮ᠎ᠠ ᠶᠢ 17 ᠵᠠᠭᠤᠨ ᠤ ᠨᠢᠭᠡᠴᠢ | ᠳᠡᠭᠡᠭᠰᠢᠯᠡᠭᠦᠯᠬᠦ ᠶᠢ ᠠᠬᠢᠭᠤᠯᠪᠠ᠃ 2024 ᠣᠨ ᠳᠤ ᠪᠡᠭᠡᠵᠢᠩ ᠳᠤ ᠬᠦᠷᠬᠦ᠂ ᠲᠣᠭᠤᠷᠢᠭ ᠲᠤ ᠬᠦᠷᠬᠦ ︽ᠬᠤᠶᠠᠷ | ᠱᠠᠲᠤᠨ ᠤ ᠰᠤᠷᠪᠤᠯᠵᠢᠯᠠᠬᠤ︾ ᠬᠥᠮᠦᠨ ᠤᠳᠠᠭ᠎ᠠ᠂ ᠪᠦᠯᠦᠭ ᠤᠳᠠᠭ᠎ᠠ ᠶᠡᠭᠡ ᠪᠠᠷ ᠪᠠᠭᠤᠷᠠᠬᠤ ᠶᠢ ᠪᠡᠶᠡᠯᠡᠭᠦᠯᠵᠦ᠂ ︽ | ᠥᠪᠡᠷᠲᠡᠭᠡᠨ ᠵᠠᠰᠠᠬᠤ ᠣᠷᠣᠨ ᠤ ᠨᠡᠶᠢᠭᠡᠮ ᠲᠣᠭᠤᠷᠢᠭ ᠤᠨ ᠵᠠᠰᠠᠯᠲᠠ ᠶᠢᠨ ᠰᠢᠨ᠎ᠡ ᠶᠢ ᠡᠭᠦᠳᠬᠦ ᠲᠤᠷᠰᠢᠯᠲᠠ ᠶᠢᠨ | ᠣᠷᠣᠨ︾ ᠤ ᠰᠢᠯᠭᠠᠨ ᠠᠪᠬᠤ ᠶᠢ ᠤᠷᠤᠭᠰᠢᠲᠠᠶ ᠪᠠᠲᠤᠯᠠᠵᠤ᠂ ᠴᠢᠤᠸᠠᠨ ᠱᠠᠨ ᠵᠡᠭᠡᠯᠢ ᠭᠤᠳᠤᠮᠵᠢ ᠶᠢᠨ ︽ᠵᠢᠭᠰᠠᠭᠠᠨ | ᠪᠠᠶᠢᠴᠠᠭᠠᠵᠤ ᠡᠶᠡᠳᠡᠭᠦᠯᠦᠨ ᠰᠢᠢᠳᠪᠦᠷᠢᠯᠡᠵᠦ ᠣᠷᠣᠯᠠᠨ ᠭᠦᠢᠴᠡᠳᠬᠡᠬᠦ︾ ᠠᠵᠢᠯ ᠤᠨ ᠠᠷᠭ᠎ᠠ ᠥᠪᠡᠷᠲᠡᠭᠡᠨ ᠵᠠᠰᠠᠬᠤ | ᠣᠷᠣᠨ ᠤ ᠰᠢᠨ᠎ᠡ ᠴᠠᠭ ᠦᠶ᠎ᠡ ᠶᠢᠨ ︽ᠹᠧᠩ ᠴᠢᠶᠣᠣ ᠶᠢᠨ ᠲᠤᠷᠰᠢᠯᠭ᠎ᠠ︾ ᠶᠢᠨ ᠲᠡᠷᠢᠭᠦᠨ ᠤ ᠨᠡᠶᠢᠲᠡᠯᠢᠭ | ᠵᠢᠱᠢᠶ᠎ᠡ ᠪᠠᠷ ᠰᠣᠩᠭᠤᠭᠳᠠᠪᠠ᠃ ᠬᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶᠡᠨ ᠳᠠᠬᠢ ᠲᠡᠤᠬᠡᠨ ᠠᠴᠠ | ᠦᠯᠡᠳᠡᠭᠳᠡᠵᠦ ᠢᠷᠡᠭᠰᠡᠨ ᠠᠰᠠᠭᠤᠳᠠᠯ ᠣᠯᠠᠨ ᠪᠠᠶᠢᠬᠤ ᠲᠦᠭᠰᠢᠭᠦᠷᠢ ᠶᠢ ᠡᠷᠡᠰ ᠰᠡᠷᠭᠡᠶᠢᠯᠡᠨ ᠠᠷᠢᠯᠭᠠᠨ᠎ᠠ᠃ ᠬᠠᠤᠯᠢ | ᠲᠣᠭᠲᠠᠭᠠᠯ ᠶᠣᠰᠣᠭᠠᠷ ᠠᠷᠭ᠎ᠠ ᠮᠠᠶ᠋ᠢᠭ ᠢᠶᠠᠨ ᠬᠤᠪᠢᠷᠠᠭᠤᠯᠬᠤ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ ᠨᠡᠭᠡᠭᠡᠯᠲᠡ | ᠬᠢᠬᠦ ᠠᠵᠤ ᠠᠬᠤᠶᠢᠯᠠᠯ ᠤᠨ ᠡᠳ᠋ ᠬᠥᠷᠥᠩᠭᠡ ᠶᠢ ᠪᠠᠷᠢᠴᠠᠭᠠᠯᠠᠵᠤ ᠨᠡᠭᠡᠭᠡᠨ ᠬᠥᠭᠵᠢᠭᠦᠯᠬᠦ ᠤᠯᠤᠰ ᠤᠨ ᠥᠮᠴᠢᠯᠡᠯᠲᠦ | ᠠᠵᠤ ᠠᠬᠤᠶᠢᠯᠠᠯ ᠤᠨ ᠵᠤᠬᠢᠬᠤ ᠦᠨ᠎ᠡ ᠦᠷᠳᠡᠭ ᠪᠦᠬᠦᠢ ᠭᠠᠵᠠᠷ ᠰᠢᠷᠤᠢ ᠪᠠᠷ ᠪᠠᠷᠢᠯᠭ᠎ᠠ ᠶᠢᠨ ᠠᠵᠢᠯ ᠤᠨ ᠠᠵᠤ | ᠠᠬᠤᠶᠢᠯᠠᠯ ᠤᠨ ᠪᠠᠷᠢᠯᠭ᠎ᠠ ᠶᠢᠨ ᠵᠣᠭᠤᠰ ᠢ ᠪᠠᠷᠢᠴᠠᠭᠠᠯᠠᠨ ᠲᠤᠯᠭᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠵᠢᠯ | ᠵᠣᠭᠰᠣᠭᠠᠬᠤ ᠲᠥᠷᠥᠯ ᠵᠦᠢᠯ ᠤᠨ ᠠᠵᠢᠯ ᠢᠶᠠᠨ ᠰᠡᠷᠭᠦᠭᠡᠵᠦ ᠳᠠᠬᠢᠨ ᠪᠠᠶᠢᠭᠤᠯᠬᠤ ᠶᠢ ᠪᠦᠲᠦᠮᠵᠢᠲᠡᠶ ᠳᠥᠯᠭᠢᠨ | ᠠᠬᠢᠭᠤᠯᠤᠨ᠎ᠠ︔ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠢ ᠬᠠᠪᠰᠤᠷᠤᠨ ᠬᠠᠤᠯᠢ ᠳᠤ ᠬᠤᠯᠪᠣᠭᠳᠠᠭᠰᠠᠨ ᠵᠠᠷᠭᠤ ᠳᠤ | ᠬᠤᠯᠪᠣᠭᠳᠠᠭᠰᠠᠨ ᠠᠰᠠᠭᠤᠳᠠᠯ ᠢ ᠲᠤᠰᠠᠭᠠᠷᠯᠠᠬᠤ᠂ ᠬᠠᠤᠯᠢ ᠴᠠᠭᠠᠵᠠ ᠶᠢᠨ ᠰᠠᠯᠠᠭ᠎ᠠ ᠮᠥᠴᠢᠷ ᠢ ᠵᠣᠬᠢᠴᠠᠭᠤᠯᠵᠤ | ᠪᠠᠶᠢᠭᠠᠳ ᠲᠥᠷᠥᠯ ᠵᠦᠢᠯ ᠤᠨ ᠵᠢᠭᠤᠷᠠᠯᠳᠤᠭᠠᠨ ᠤ ᠬᠡᠷᠡᠭ ᠢ ᠲᠦᠷᠭᠡᠨ ᠰᠢᠭᠦᠨ ᠳᠠᠭᠤᠰᠬᠠᠬᠤ ᠵᠡᠷᠭᠡ ᠠᠷᠭ᠎ᠠ | ᠮᠠᠶ᠋ᠢᠭ ᠢᠶᠠᠷ ᠳᠠᠮᠵᠢᠭᠤᠯᠤᠨ᠂ ᠲᠥᠷᠥᠯ ᠵᠦᠢᠯ ᠢ ᠬᠠᠪᠰᠤᠷᠤᠨ ︽ᠴᠠᠭᠠᠨ ᠨᠡᠷᠡᠰ ᠤᠨ ᠵᠢᠭᠰᠠᠭᠠᠯᠲᠠ︾ ᠶᠢᠨ ᠪᠡᠯᠡ | ᠲᠣᠬᠢᠷᠠᠭᠤᠯᠬᠤ ᠵᠢᠭᠡᠯᠡᠯᠭᠡ ᠶᠢ ᠤᠷᠤᠭᠰᠢᠲᠠᠶ ᠭᠤᠶᠤᠴᠢᠯᠠᠪᠡ᠃ 2024 ᠤᠨ ᠳᠤ 1718 ᠢᠵᠢ ᠪᠣᠴᠠᠭᠠᠨ | ᠨᠡᠭᠦᠯᠭᠡᠬᠦ ᠳᠤ ᠬᠦᠴᠢᠷ᠂ ᠣᠷᠣᠵᠤ ᠰᠠᠭᠤᠬᠤ ᠳᠤ ᠬᠦᠴᠢᠷᠲᠡᠶ ᠪᠠᠶᠢᠬᠤ ᠠᠰᠠᠭᠤᠳᠠᠯ ᠢ ᠰᠢᠢᠳᠪᠦᠷᠢᠯᠡᠵᠤ᠂ 11 | ᠲᠥᠷᠥᠯ ᠵᠦᠢᠯ ᠢ ᠪᠦᠬᠦ ᠲᠠᠯ᠎ᠠ ᠪᠠᠷ ᠪᠠᠷᠢᠯᠭ᠎ᠠ ᠳᠠᠭᠤᠰᠬᠠᠵᠤ᠂ ᠣᠯᠠᠨ ᠲᠦᠮᠡᠨ ᠢ ᠠᠷᠪᠠᠭᠠᠳ ᠵᠢᠯ ᠵᠣᠪᠠᠭᠠᠵᠤ | ᠪᠠᠶᠢᠭᠰᠠᠨ ᠭᠡᠷ ᠪᠠᠶᠢᠰᠢᠩ ᠭᠠᠵᠠᠷ ᠬᠥᠷᠥᠩᠭᠡ ᠶᠢᠨ ᠦᠯᠡᠳᠡᠭᠳᠡᠵᠦ ᠢᠷᠡᠭᠰᠡᠨ ᠠᠰᠠᠭᠤᠳᠠᠯ ᠢ 80% ᠠᠴᠠ ᠳᠡᠭᠡᠭᠰᠢ | ᠰᠢᠢᠳᠪᠦᠷᠢᠯᠡᠵᠡᠢ᠃ ᠠᠮᠢ ᠠᠬᠤᠢ ᠣᠷᠴᠢᠨ ᠲᠣᠭᠤᠷᠢᠨ ᠤ ᠬᠦᠷᠢᠶᠡᠨ ᠤ ᠰᠠᠭᠤᠷᠢ ᠨᠢᠮᠭᠡᠨ᠂ ᠰᠠᠭᠤᠷᠢ ᠠᠨᠠᠢ ᠠᠶᠤᠯ | ᠲᠦᠭᠰᠢᠭᠦᠷᠢ ᠶᠢ ᠡᠷᠡᠰ ᠰᠡᠷᠭᠡᠶᠢᠯᠡᠨ ᠠᠷᠢᠯᠭᠠᠪᠡ᠃ ᠠᠮᠢ ᠠᠬᠤᠶ ᠶᠢ ᠰᠡᠷᠭᠦᠭᠡᠬᠦ᠂ ᠪᠣᠬᠢᠷᠲᠤᠯ ᠢ ᠰᠡᠷᠭᠡᠶᠢᠯᠡᠨ | ᠵᠠᠰᠠᠬᠤ ᠶᠢ ᠨᠢᠭᠡᠳᠦᠯᠲᠡᠶ ᠲᠥᠯᠥᠪᠯᠡᠨ ᠬᠦᠴᠦᠯᠡᠬᠦ ᠶᠢ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ | ᠪᠦᠯᠦᠭ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠣᠷᠣᠨ ᠢ ᠠᠮᠵᠢᠯᠲᠠ ᠲᠠᠢ | ᠡᠭᠦᠳᠦᠨ ᠪᠠᠶᠢᠭᠤᠯᠪᠠ᠃ ᠤᠯᠤᠰ ᠤᠨ ᠤᠮᠠᠷᠠᠲᠤ ᠣᠷᠣᠨ ᠤ ᠴᠡᠪᠡᠷ ᠳᠤᠯᠠᠭᠠᠯᠠᠭ᠎ᠠ ᠶᠢᠨ ᠬᠤᠲᠠ ᠶᠢᠨ | ᠲᠤᠷᠰᠢᠯᠲᠠ ᠶᠢᠨ ᠴᠡᠭ ᠤᠨ ᠪᠥᠲᠥᠭᠡᠨ ᠪᠠᠶᠢᠭᠤᠯᠤᠯᠲᠠ ᠶᠢ ᠵᠠᠪᠳᠤᠨ ᠠᠳᠬᠤᠵᠤ᠂ 1.19 ᠲᠦᠮᠡᠨ ᠡᠷᠦᠬᠡ ᠶᠢᠨ ︽ | ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠢᠨᠵᠧᠨᠧᠷᠢᠩ ᠢ ᠥᠨᠳᠥᠷ ᠪᠦᠲᠦᠮᠵᠢᠲᠡᠶ ᠪᠠᠷ ᠪᠡᠶᠡᠯᠡᠭᠦᠯᠵᠦ᠂ | ᠰᠢᠲᠠᠭᠠᠯᠭ᠎ᠠ ᠶᠢᠨ ᠨᠡᠭᠦᠷᠡᠰᠦ ᠶᠢ ᠰᠤᠯᠠ ᠰᠢᠲᠠᠭᠠᠬᠤ ᠡᠷᠦᠬᠡ ᠶᠢ ︽ᠥᠭᠡᠷᠡᠴᠢᠯᠡᠬᠦ ᠶᠣᠰᠣᠲᠠᠶ ᠶᠢ ᠨᠢ ᠪᠦᠬᠦᠨ ᠢ | ᠥᠭᠡᠷᠡᠴᠢᠯᠡᠪᠡ︾᠃ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠳᠤ ᠢᠳᠡᠪᠬᠢᠲᠡᠶ | ᠣᠷᠣᠯᠴᠠᠵᠤ᠂ 2022 ᠣᠨ ᠠᠴᠠ ᠨᠠᠰᠢ 4.5 ᠲᠦᠮᠡᠨ ᠮᠥ ᠡᠪᠡᠰᠦ ᠳᠠᠷᠢᠪᠠ᠃ ᠲᠠᠷᠢᠶᠠᠯᠠᠩ ᠤᠨ ᠤᠰᠤᠨ ᠤ | ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠶᠡᠷᠦᠩᠬᠡᠶ ᠬᠡᠮᠵᠢᠶ᠎ᠡ ᠪᠠ | ᠲᠣᠭᠲᠠᠭᠰᠠᠨ ᠨᠣᠷᠮ᠎ᠠ ᠶᠢᠨ ᠳᠠᠪᠬᠤᠷ ᠡᠵᠡᠮᠳᠡᠬᠦ ᠬᠠᠮᠢᠶᠠᠷᠤᠯᠲᠠ ᠶᠢ ᠬᠡᠷᠡᠭᠵᠢᠭᠦᠯᠦᠨ᠂ ᠥᠪᠡᠷᠲᠡᠭᠡᠨ ᠵᠠᠰᠠᠬᠤ | ᠣᠷᠣᠨ ᠤ 2023 ᠣᠨ ᠤ ᠭᠠᠵᠠᠷ ᠳᠣᠤᠷᠠᠬᠢ ᠤᠰᠤᠨ ᠤ ᠬᠠᠮᠢᠶᠠᠷᠤᠯᠲᠠ ᠶᠢᠨ ᠨᠢᠭᠡᠴᠢ ᠶᠢᠨ ᠤᠰᠤᠨ ᠲᠦᠪᠰᠢᠨ ᠤ | ᠤᠰᠤᠨ ᠤ ᠬᠡᠮᠵᠢᠶ᠎ᠡ ᠶᠢ ᠦᠨᠡᠯᠡᠨ ᠵᠢᠱᠢᠬᠦ ᠶᠢ ᠤᠷᠤᠭᠰᠢᠲᠠᠶ ᠦᠩᠭᠡᠷᠡᠭᠡᠪᠡ᠃ ᠳᠠᠷᠠᠭᠠᠴᠢ ᠶᠢᠨ ᠠᠯᠬᠤᠮ ᠳᠤ᠂ ᠵᠢᠨᠢᠩ | ᠲᠣᠭᠤᠷᠢᠭ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢᠨ ᠲᠣᠭᠤᠷᠢᠨ ᠳᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ | ᠥᠭᠡᠷᠡᠴᠢᠯᠡᠯᠲᠡ ᠶᠢᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ ᠨᠡᠩ ᠤᠯᠠᠨ ᠲᠤᠰ ᠭᠠᠵᠠᠷ ᠤᠨ ᠣᠨᠴᠠᠯᠢᠭ ᠲᠠᠢ ᠥᠭᠡᠷᠡᠴᠢᠯᠡᠯᠲᠡ ᠶᠢ | ᠰᠦᠪᠡᠭᠴᠢᠯᠡᠵᠦ᠂ ᠡᠯ᠎ᠡ ᠵᠦᠢᠯ ᠤᠨ ᠦᠢᠯᠡᠰ ᠤᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠪᠠᠶᠢᠭᠤᠯᠤᠮᠵᠢ | ᠲᠣᠭᠲᠠᠴᠠ ᠶᠢᠨ ᠲᠦᠭᠵᠢᠷᠡᠯ ᠢ ᠪᠦᠬᠦ ᠬᠦᠴᠦᠨ ᠢᠶᠠᠷ ᠢᠶᠠᠨ ᠨᠡᠪᠲᠡᠷᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ | ᠳᠣᠲᠣᠭᠠᠳᠤ ᠬᠥᠳᠡᠯᠭᠡᠬᠦ ᠬᠦᠴᠦᠨ ᠪᠣᠯᠤᠨ ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠬᠥᠭᠵᠢᠭᠡᠵᠦ᠂ | ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠵᠢᠨᠢᠩ ᠤᠨ ᠬᠠᠷᠢᠭᠤᠯᠲᠠ ᠶᠢᠨ ᠬᠠᠭᠤᠳᠠᠰᠤ ᠶᠢ ᠰᠠᠶᠢᠲᠤᠷ | ᠪᠢᠴᠢᠭᠯᠡᠬᠦ ᠪᠣᠯᠤᠨ᠎ᠠ᠃ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ |