| | 2024 ᠣᠨ ᠳᠤ᠂ ᠵᠢᠨᠢᠩ ᠲᠣᠭᠤᠷᠢᠭ ᠤᠨ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠡᠭᠦᠷᠭᠡ | ᠴᠢᠳᠠᠪᠬᠢ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠡᠯᠪᠡᠷᠢ ᠶᠢᠨ ᠰᠢᠨ᠎ᠡ ᠶᠢ ᠡᠭᠦᠳᠴᠦ᠂ ᠪᠣᠳᠠᠲᠤ | ᠦᠷ᠎ᠡ ᠪᠦᠲᠦᠮᠵᠢ ᠶᠢ ᠴᠢᠬᠤᠯᠠᠴᠢᠯᠠᠵᠤ᠂ ᠴᠡᠷᠢᠭ ᠢᠶᠠᠨ ᠬᠦᠷᠢᠶᠡᠯᠡᠬᠦ ᠠᠵᠢᠯ ᠢ ᠥᠷᠨᠢᠩᠭᠦᠢ ᠥᠷᠨᠢᠭᠦᠯᠵᠡᠢ᠃ | ᠴᠡᠷᠢᠭ ᠠᠩᠭᠢ ᠶᠢᠨ ᠳᠠᠶᠢᠨ ᠳᠤ ᠪᠡᠯᠡᠳᠭᠡᠨ ᠪᠠᠶᠢᠯᠳᠤᠭᠠᠨ ᠬᠢᠬᠦ ᠳᠤ ᠬᠦᠴᠦᠯᠡᠨ ᠦᠢᠯᠡᠴᠢᠯᠡᠵᠦ ᠵᠢᠨᠢᠩ | ᠲᠣᠭᠤᠷᠢᠭ ᠤᠨ ᠴᠡᠷᠢᠭ ᠢᠶᠠᠨ ᠬᠦᠷᠢᠶᠡᠯᠡᠵᠦ ᠡᠮᠦᠨ᠎ᠡ ᠹᠷᠣᠨᠲ ᠢ ᠳᠡᠮᠵᠢᠬᠦ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠪᠡ᠃ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠤᠨ ᠶᠠᠪᠤᠳᠠᠯ ᠤᠨ ᠢᠨᠵᠧᠨᠧᠷᠢᠩ᠂ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠵᠡᠷᠭᠡ ᠪᠥᠲᠥᠭᠡᠨ | ᠪᠠᠶᠢᠭᠤᠯᠤᠯᠲᠠ ᠶᠢ ᠢᠳᠡᠪᠬᠢᠲᠡᠶ ᠳᠡᠮᠵᠢᠪᠡ︔ ᠰᠠᠭᠤᠭ᠎ᠠ ᠭᠠᠵᠠᠷ ᠤᠨ ᠳᠠᠷᠤᠭ᠎ᠠ ᠪᠠᠶᠢᠯᠳᠤᠭᠴᠢ ᠵᠢᠴᠢ ᠠᠰᠠᠷᠠᠨ | ᠬᠠᠷᠠᠭᠠᠯᠵᠠᠬᠤ ᠡᠲᠡᠭᠡᠳ ᠲᠤ ᠴᠢᠨᠠᠷ ᠰᠠᠶᠢᠲᠠᠶ ᠬᠠᠷᠠᠭᠠᠯᠵᠠᠯ ᠤᠨ ᠦᠢᠯᠡᠴᠢᠯᠡᠭᠡ ᠶᠢ ᠰᠠᠶᠢᠲᠤᠷ ᠬᠢᠪᠡ᠃ ᠲᠡᠷᠭᠡᠨ | ᠥᠷᠲᠡᠭᠡ᠂ ᠡᠮᠨᠡᠯᠭᠡ ᠶᠢᠨ ᠬᠤᠷᠢᠶ᠎ᠠ᠂ ᠪᠠᠩᠬᠢ᠂ ᠵᠢᠭᠤᠯᠴᠢᠯᠠᠯ ᠤᠨ ᠦᠵᠡᠮᠵᠢ ᠶᠢᠨ ᠭᠠᠵᠠᠷ ᠵᠡᠷᠭᠡ ᠣᠯᠠᠨ | ᠨᠡᠶᠢᠲᠡ ᠶᠢᠨ ᠦᠢᠯᠡᠴᠢᠯᠡᠭᠡᠨ ᠤ ᠲᠠᠯᠠᠪᠤᠷ ᠭᠠᠵᠠᠷ ᠲᠤ ︽ᠴᠡᠷᠢᠭ ᠤᠨ ᠬᠥᠮᠦᠨ ᠤ ᠴᠣᠩᠬᠤᠪᠴᠢ︾ ᠵᠡᠷᠭᠡ ᠲᠡᠮᠳᠡᠭ | ᠳᠣᠭᠢᠷᠠᠭᠤᠯᠵᠤ᠂ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠴᠢᠨᠠᠷ ᠰᠠᠶᠢᠲᠠᠶ ᠦᠢᠯᠡᠴᠢᠯᠡᠭᠡ ᠬᠠᠩᠭᠠᠪᠡ᠃ | ᠰᠢᠨᠵᠢᠯᠡᠬᠦ ᠤᠬᠠᠭᠠᠨ ᠮᠡᠷᠭᠡᠵᠢᠯ ᠢᠶᠠᠷ ᠴᠡᠷᠢᠭ ᠢᠶᠠᠨ ᠬᠦᠷᠢᠶᠡᠯᠡᠬᠦ᠂ ᠰᠤᠷᠭᠠᠨ ᠬᠥᠮᠦᠵᠢᠯ ᠢᠶᠠᠷ ᠴᠡᠷᠢᠭ ᠢᠶᠠᠨ | ᠬᠦᠷᠢᠶᠡᠯᠡᠬᠦ᠂ ᠬᠠᠤᠯᠢ ᠴᠠᠭᠠᠵᠠ ᠪᠠᠷ ᠴᠡᠷᠢᠭ ᠢᠶᠠᠨ ᠬᠦᠷᠢᠶᠡᠯᠡᠬᠦ᠂ ᠰᠣᠶᠣᠯ ᠢᠶᠠᠷ ᠴᠡᠷᠢᠭ ᠢᠶᠠᠨ ᠬᠦᠷᠢᠶᠡᠯᠡᠬᠦ ᠶᠢ | ᠭᠦᠨᠵᠡᠬᠡᠶᠢᠷᠡᠬᠦᠯᠵᠤ᠂ ᠳᠤᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠳᠡᠰ᠂ ᠠᠷᠠᠳ ᠤᠨ ᠵᠡᠪᠰᠡᠭᠳᠤ | ᠬᠡᠯᠳᠡᠰ 60 ᠲᠦᠮᠡᠨ ᠲᠥᠭᠦᠷᠢᠭ ᠵᠠᠷᠤᠴᠠᠭᠤᠯᠵᠤ᠂ ᠦ᠋ ᠶᠤᠸᠠᠢ ᠠᠭᠤᠳᠠᠮ ᠲᠠᠯᠠᠪᠠᠢ ᠳᠤ ᠶᠠᠨ ᡁᠢ ᠨᠣᠮ ᠤᠨ | ᠥᠷᠥᠭᠡᠨ ᠳᠤ ᠴᠡᠷᠢᠭ ᠢᠶᠠᠨ ᠬᠦᠴᠦᠷᠬᠡᠭᠵᠢᠭᠦᠯᠦᠨ ᠴᠡᠷᠢᠭ ᠢᠶᠠᠨ ᠬᠦᠷᠢᠶᠡᠯᠡᠬᠦ ᠭᠤᠤᠯ ᠰᠡᠳᠦᠪᠲᠦ ᠰᠣᠶᠣᠯ ᠤᠨ | ᠣᠷᠳᠣᠨ ᠢ ᠪᠠᠶᠢᠭᠤᠯᠵᠤ᠂ ᠴᠡᠷᠢᠭ ᠢ ᠬᠦᠴᠦᠷᠬᠡᠭᠵᠢᠭᠦᠯᠬᠦ ᠨᠣᠮ ᠤᠨ ᠥᠷᠥᠭᠡ ᠶᠢᠨ ᠵᠢᠭᠤᠯᠴᠢᠯᠠᠯ ᠢ ᠡᠬᠢᠯᠡᠭᠦᠯᠵᠦ᠂ | 10 ᠲᠦᠮᠡ ᠰᠢᠬᠠᠮ ᠬᠥᠮᠦᠨ ᠤᠳᠠᠭ᠎ᠠ ᠣᠷᠣᠯᠴᠠᠪᠠ︔ ᠰᠤᠷᠭᠠᠨ ᠬᠥᠮᠦᠵᠢᠯ ᠤᠨ ᠰᠠᠯᠠᠭ᠎ᠠ ᠮᠥᠴᠢᠷ ︽ᠴᠡᠷᠢᠭ ᠤᠨ | ᠦᠷ᠎ᠡ ᠬᠡᠦᠬᠡᠳ ᠤᠨ ᠰᠤᠷᠭᠠᠨ ᠬᠥᠮᠦᠵᠢᠯ ᠤᠨ ᠬᠠᠷᠠᠭᠠᠯᠵᠠᠯ ᠤᠨ ᠠᠷᠭ᠎ᠠ︾ ᠶᠢ ᠲᠣᠭᠲᠠᠭᠠᠵᠤ᠂ ᠳᠤᠮᠳᠠᠳᠤ ᠪᠠᠭ᠎ᠠ | ᠰᠤᠷᠭᠠᠭᠤᠯᠢ ᠳᠤ ᠨᠤᠮ ᠦᠵᠡᠵᠤ ᠪᠠᠶᠢᠭ᠎ᠠ ᠴᠡᠷᠢᠭ ᠤᠨ ᠦᠷ᠎ᠡ ᠬᠡᠤᠬᠡᠳ ᠲᠤ ᠬᠠᠷᠠᠭᠠᠯᠵᠠᠯ ᠦᠵᠡᠬᠦᠯᠵᠤ᠂ ᠳᠡᠭᠡᠳᠦ | ᠵᠡᠷᠬᠡ ᠶᠢᠨ ᠳᠤᠮᠳᠠᠳᠤ ᠰᠤᠷᠭᠠᠭᠤᠯᠢ ᠳᠤ ᠰᠢᠯᠭᠠᠭᠤᠯᠤᠭᠰᠠᠨ ᠴᠡᠷᠢᠭ ᠤᠨ ᠦᠷ᠎ᠡ ᠬᠡᠤᠬᠡᠳ ᠲᠤ ᠬᠤᠪᠢ ᠨᠡᠮᠡᠬᠦ | ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠪᠡ︔ ᠴᠡᠷᠢᠭ ᠤᠨ ᠠᠯᠪᠠᠨ ᠠᠴᠠ ᠪᠠᠭᠤᠭᠰᠠᠳ ᠤᠨ ᠬᠡᠷᠡᠭ | ᠶᠠᠪᠤᠳᠠᠯ ᠤᠨ ᠲᠣᠪᠴᠢᠶ᠎ᠠ ᠬᠢᠭᠡᠳ ᠤᠯᠠᠭᠠᠨᠴᠠᠪ ᠤᠨ ᠲᠥᠪ ᠡᠮᠨᠡᠯᠭᠡ ᠶᠢᠨ ᠬᠤᠷᠢᠶ᠎ᠠ᠂ ᠵᠢᠨᠢᠩ ᠲᠣᠭᠤᠷᠢᠭ ᠤᠨ | ᠭᠤᠷᠪᠠᠳᠤᠭᠠᠷ ᠠᠷᠠᠳ ᠤᠨ ᠡᠮᠨᠡᠯᠭᠡ ᠶᠢᠨ ᠬᠤᠷᠢᠶ᠎ᠠ ᠯᠤᠭ᠎ᠠ ᠡᠮ ᠡᠮᠨᠡᠯᠭᠡ ᠶᠢᠨ ᠬᠠᠷᠠᠭᠠᠯᠵᠠᠯ ᠤᠨ ᠲᠣᠭᠲᠠᠭᠰᠠᠨ | ᠴᠡᠭ ᠤᠨ ᠦᠢᠯᠡᠴᠢᠯᠡᠭᠡᠨ ᠤ ᠪᠠᠶᠢᠭᠤᠯᠤᠮᠵᠢ ᠳᠤ ᠭᠠᠷ ᠤᠨ ᠦᠰᠦᠭ ᠵᠢᠷᠤᠪᠡ︔ ᠰᠣᠶᠣᠯ ᠰᠣᠨᠢᠨ ᠮᠡᠳᠡᠭᠡᠨ ᠤ | ᠰᠠᠯᠠᠭ᠎ᠠ ᠮᠥᠴᠢᠷ ᠴᠡᠷᠢᠭ ᠠᠩᠭᠢ ᠪᠠ ᠣᠷᠣᠨ ᠨᠤᠲᠤᠭ ᠤᠨ ᠰᠣᠶᠣᠯ ᠤᠨ ᠬᠠᠮᠲᠤᠪᠠᠷ ᠪᠠᠶᠢᠭᠤᠯᠬᠤ ᠠᠵᠢᠯ ᠢ | ᠢᠳᠡᠪᠬᠢᠲᠡᠢ ᠥᠷᠨᠢᠭᠦᠯᠵᠦ᠂ ᠲᠣᠭᠲᠠᠭᠰᠠᠨ ᠬᠤᠭᠤᠴᠠᠭ᠎ᠠ ᠲᠠᠢ ᠪᠠᠷ ᠰᠠᠭᠤᠭ᠎ᠠ ᠭᠠᠵᠠᠷ ᠤᠨ ᠴᠡᠷᠢᠭ ᠠᠩᠭᠢ ᠳᠤ | ᠬᠦᠷᠴᠦ ᠨᠣᠮ ᠪᠢᠴᠢᠭ ᠬᠦᠷᠭᠡᠬᠦ ᠠᠵᠢᠯᠯᠠᠭ᠎ᠠ ᠶᠢ ᠥᠷᠨᠢᠭᠦᠯᠵᠤ᠂ ᠳᠤᠭᠤᠷᠢᠭ ᠤᠨ ᠤᠯᠠᠭᠠᠨᠮᠦ᠋ᠴᠢᠷ ᠤᠨ ᠡᠷᠦᠬᠡ ᠶᠢᠨ | ᠴᠡᠷᠢᠭ ᠰᠠᠭᠤᠭ᠎ᠠ ᠭᠠᠵᠠᠷ ᠤᠨ ᠴᠡᠷᠢᠭ ᠠᠩᠭᠢ ᠳᠤ ᠭᠦᠨᠵᠡᠭᠡᠢᠷᠡᠨ ᠲᠣᠬᠤᠨᠢᠭᠤᠯᠬᠤ ᠲᠣᠭᠯᠠᠯᠲᠠ 50 ᠭᠠᠷᠤᠢ | ᠲᠠᠯᠠᠪᠠᠢ ᠥᠷᠨᠢᠭᠦᠯᠪᠡ᠃ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ |