2 ᠰᠠᠷ᠎ᠠ ᠶᠢᠨ 9 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ | ᠴᠢ ᠹᠸᠢ ᠶᠦᠨ ᠤᠷᠢᠳ ᠬᠤᠵᠢᠳ ᠰᠢᠩ ᠾᠧ ᠰᠢᠶᠠᠨ᠂ ᠵᠢᠨᠢᠩ ᠲᠣᠭᠤᠷᠢᠭ ᠤᠨ ᠲᠥᠯᠥᠭᠡᠯᠡᠭᠴᠢᠳ ᠤᠨ | ᠪᠦᠯᠬᠦᠮ ᠳᠤ ᠬᠦᠷᠴᠦ᠂ ᠲᠥᠯᠥᠭᠡᠯᠡᠭᠴᠢᠳ ᠲᠠᠢ ᠬᠠᠮᠲᠤ ᠪᠠᠷ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ | ᠬᠢᠨᠠᠨ ᠵᠥᠪᠯᠡᠪᠡ᠃ | ᠬᠢᠨᠠᠨ ᠵᠥᠪᠯᠡᠬᠦ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠬᠦᠷ ᠬᠥᠭᠵᠢᠶᠡᠨ ᠲᠠᠢ ᠪᠠᠶᠢᠵᠤ᠂ | ᠲᠥᠯᠥᠭᠡᠯᠡᠭᠴᠢᠳ ᠢᠯᠡᠳᠬᠡᠯ ᠤᠨ ᠤᠯᠤᠰ ᠲᠦᠷᠦ ᠶᠢᠨ ᠵᠣᠭᠰᠣᠴᠠ ᠥᠨᠳᠥᠷ᠂ ᠬᠠᠷᠠᠯᠲᠠ ᠶᠢᠨ ᠪᠠᠶᠢᠷᠢ | ᠲᠣᠭᠲᠠᠭᠠᠯᠲᠠ ᠣᠨᠣᠪᠴᠢᠲᠠᠢ᠂ ᠡᠭᠦᠷᠭᠡ ᠠᠷᠭ᠎ᠠ ᠬᠡᠮᠵᠢᠶ᠎ᠡ ᠪᠣᠳᠠᠲᠠᠢ ᠭᠡᠵᠦ ᠰᠠᠨᠠᠯ ᠨᠢᠭᠡᠲᠡᠢ ᠦᠵᠡᠵᠦ᠂ ᠦᠨᠡᠨ ᠢ | ᠪᠠᠷᠢᠮᠲᠠᠯᠠᠨ ᠪᠣᠳᠠᠲᠠᠢ ᠶᠢ ᠡᠷᠬᠢᠮᠯᠡᠭᠰᠡᠨ᠂ ᠬᠥᠮᠦᠰ ᠢ ᠤᠷᠮᠠᠰᠢᠭᠤᠯᠤᠨ ᠤᠷᠤᠭᠰᠢᠯᠠᠭᠤᠯᠤᠭᠰᠠᠨ ᠰᠠᠶᠢᠨ ᠢᠯᠡᠳᠬᠡᠯ | ᠪᠣᠯᠵᠠᠢ ᠭᠡᠵᠦ ᠰᠠᠨᠠᠯ ᠨᠢᠭᠡᠲᠡᠢ ᠦᠵᠡᠪᠡ᠃ ᠴᠢ ᠹᠸᠢ ᠶᠦᠨ ᠲᠥᠯᠥᠭᠡᠯᠡᠭᠴᠢᠳ ᠤᠨ ᠶᠠᠷᠢᠶ᠎ᠠ ᠶᠢ ᠨᠠᠷᠢᠨ ᠬᠢᠨᠠᠮᠠᠭᠠᠢ | ᠰᠣᠨᠣᠰᠴᠤ᠂ ᠰᠠᠨᠠᠯ ᠰᠠᠨᠠᠭᠤᠯᠭ᠎ᠠ ᠶᠢ ᠨᠠᠷᠢᠨ ᠲᠣᠳᠣᠷᠬᠠᠢ ᠲᠡᠮᠳᠡᠭᠯᠡᠬᠦ ᠶᠢᠨ ᠬᠠᠮᠲᠤ ᠭᠤᠣᠯᠳᠠᠯᠭ᠎ᠠ ᠲᠠᠢ | ᠠᠰᠠᠭᠤᠳᠠᠯ ᠤᠨ ᠲᠣᠭᠤᠷᠢᠨ ᠳᠤ ᠲᠥᠯᠥᠭᠡᠯᠡᠭᠴᠢᠳ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠨᠢᠭᠡᠳ ᠨᠢᠭᠡ ᠪᠠᠷ | ᠠᠩᠬᠠᠷᠴᠤ ᠪᠠᠶᠢᠭ᠎ᠠ ᠠᠰᠠᠭᠤᠳᠠᠯ ᠳᠤ ᠬᠠᠷᠢᠭᠤᠯᠲᠠ ᠥᠭᠪᠡ᠃ | ᠴᠢ ᠹᠸᠢ ᠶᠦᠨ ᠰᠢᠩ ᠾᠧ ᠰᠢᠶᠠᠨ ᠪᠣᠯᠤᠨ ᠵᠢᠨᠢᠩ ᠲᠣᠭᠤᠷᠢᠭ ᠤᠨ ᠨᠢᠭᠡ ᠵᠢᠯ ᠤᠨ ᠠᠵᠢᠯ ᠢ ᠭᠦᠢᠴᠡᠳ | ᠨᠤᠲᠠᠯᠠᠪᠠ᠃ ᠰᠢᠩ ᠾᠧ ᠰᠢᠶᠠᠨ ᠤ ᠲᠥᠯᠥᠭᠡᠯᠡᠭᠴᠢᠳ ᠤᠨ ᠪᠦᠯᠬᠦᠮ ᠳᠤ᠂ ᠲᠡᠷᠡ᠂ ᠤᠰᠤ ᠠᠷᠪᠢᠯᠠᠬᠤ ᠲᠠᠷᠢᠶᠠᠯᠠᠩ | ᠮᠠᠯ ᠠᠵᠤ ᠠᠬᠤᠢ ᠶᠢ ᠰᠠᠶᠢᠲᠤᠷ ᠬᠥᠭᠵᠢᠭᠦᠯᠵᠦ᠂ ᠰᠢᠰᠲ᠋ᠧᠮᠵᠢᠭᠦᠯᠦᠨ ᠡᠭᠦᠯᠳᠡᠷ ᠰᠠᠶᠢᠵᠢᠷᠠᠭᠤᠯᠬᠤ᠂ | ᠪᠠᠷᠢᠮᠵᠢᠶᠠᠵᠢᠭᠤᠯᠤᠨ ᠳᠠᠷᠢᠵᠤ ᠲᠡᠵᠢᠭᠡᠨ ᠦᠷᠡᠵᠢᠭᠦᠯᠬᠦ᠂ ᠨᠠᠷᠢᠯᠢᠭ ᠭᠦᠨᠵᠡᠭᠡᠢ ᠡᠳ᠋ᠰᠢᠭᠦᠯᠬᠦ᠂ ᠲᠦᠷᠦᠯ | ᠳᠡᠮᠳᠡᠭᠵᠢᠬᠦᠯᠦᠨ ᠡᠵᠡᠩᠨᠡᠨ ᠪᠣᠷᠣᠯᠠᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠲᠡᠮᠦᠷ ᠤᠨ | ᠬᠠᠶᠢᠯᠤᠰᠢ᠂ ᠪᠠᠯ ᠴᠢᠯᠠᠭᠤᠨ ᠠᠯᠺᠧᠨ ᠵᠡᠷᠭᠡ ᠤᠨᠴᠠᠯᠢᠬᠳᠤ ᠳᠠᠪᠠᠭᠤᠯᠢᠭ ᠠᠵᠤ ᠦᠢᠯᠡᠰ ᠢ ᠳᠡᠭᠡᠳᠦ ᠲᠡᠰᠵᠢᠬᠦᠯᠬᠦ᠂ | ᠤᠶᠤᠨᠴᠢᠯᠠᠬᠤ᠂ ᠪᠣᠬᠢᠷᠲᠤᠯ ᠦᠭᠡᠢ ᠪᠣᠯᠭᠠᠬᠤ ᠲᠡᠰᠢ ᠤᠷᠲᠤᠳᠬᠠᠬᠤ ᠶᠢ ᠠᠬᠢᠭᠤᠯᠵᠤ᠂ ᠪᠦᠬᠦ ᠬᠤᠳᠠ ᠶᠢᠨ ᠠᠵᠤ | ᠦᠢᠯᠡᠰ ᠤᠨ ᠬᠥᠭᠵᠢᠯᠲᠡ ᠳᠤ ᠢᠯᠡᠭᠦᠬᠡᠨ ᠬᠤᠪᠢ ᠨᠡᠮᠡᠷᠢ ᠦᠵᠡᠭᠦᠯᠬᠦ ᠬᠡᠷᠡᠭᠲᠡᠢ᠃ ᠰᠤᠮᠤᠨ ᠠᠭᠤᠯᠠ᠂ ᠯᠤᠤ ᠯᠢ | ᠬᠠᠢ ᠵᠡᠷᠭᠡ ᠦᠵᠡᠮᠵᠢ ᠶᠢᠨ ᠣᠷᠣᠨ ᠢ ᠬᠤᠯᠪᠣᠯᠳᠤᠭᠤᠯᠤᠨ ᠨᠡᠶᠢᠳᠬᠡᠵᠦ᠂ ᠰᠣᠶᠣᠯ ᠪᠣᠯᠤᠨ ᠵᠤᠭᠠᠴᠠᠯ ᠤᠨ ᠭᠦᠨᠵᠡᠭᠡᠢ | ᠠᠭᠤᠰᠤᠯᠴᠠᠯ ᠢ ᠪᠦᠲᠦᠮᠵᠢᠲᠡᠢ ᠠᠬᠢᠭᠤᠯᠵᠤ᠂ ᠰᠣᠶᠣᠯ ᠵᠤᠭᠠᠴᠠᠯ ᠤᠨ ᠠᠵᠤ ᠦᠢᠯᠡᠰ ᠢ ᠪᠤᠵᠠᠭᠠᠶᠢᠷᠠᠭᠤᠯᠤᠨ | ᠬᠦᠴᠦᠷᠬᠡᠭᠵᠢᠭᠦᠯᠬᠦ ᠬᠡᠷᠡᠭᠲᠡᠢ᠃ ᠨᠡᠩ ᠪᠣᠳᠠᠲᠠᠢ ᠠᠷᠭ᠎ᠠ ᠬᠡᠮᠵᠢᠶ᠎ᠡ ᠪᠠᠷ ︽ᠨᠠᠰᠤᠲᠠᠶᠢᠴᠤᠳ ᠪᠠ ᠨᠢᠯᠬᠠᠰ︾᠂ | ᠰᠤᠷᠭᠠᠨ ᠬᠥᠮᠦᠵᠢᠯ ᠡᠮ ᠡᠮᠨᠡᠯᠭᠡ ᠵᠡᠷᠭᠡ ᠠᠵᠢᠯ ᠢ ᠰᠠᠶᠢᠲᠤᠷ ᠬᠢᠵᠦ᠂ ᠬᠤᠭᠤᠯᠠ ᠲᠤᠰᠠᠯᠠᠬᠤ ᠦᠢᠯᠡᠴᠢᠯᠡᠭᠡ ᠪᠣᠯᠤᠨ | ᠨᠠᠰᠤᠲᠠᠨ ᠳᠤ ᠵᠣᠬᠢᠴᠠᠬᠤ ᠥᠭᠡᠷᠡᠴᠢᠯᠡᠯᠲᠡ ᠶᠢ ᠢᠳᠡᠪᠬᠢᠲᠡᠢ ᠠᠬᠢᠭᠤᠯᠵᠤ᠂ ᠤᠯᠠᠨ ᠲᠦᠮᠡᠨ ᠢ ᠨᠡᠩ ᠤᠯᠠᠨ | ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠲᠠᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠵᠢᠨᠢᠩ ᠲᠣᠭᠤᠷᠢᠭ ᠤᠨ ᠲᠥᠯᠥᠭᠡᠯᠡᠭᠴᠢᠳ ᠤᠨ ᠪᠦᠯᠬᠦᠮ ᠳᠤ᠂ ᠴᠢ ᠹᠸᠢ ᠶᠦᠨ᠂ ᠭᠤᠣᠯ ᠬᠤᠳᠠ ᠶᠢᠨ | ᠲᠣᠭᠤᠷᠢᠭ ᠪᠣᠯᠤᠭᠰᠠᠨ ᠤ ᠬᠤᠪᠢ ᠳᠤ᠂ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠤ᠂ ᠡᠭᠦᠷᠭᠡ ᠶᠢ | ᠥᠨᠳᠥᠷ ᠲᠣᠭᠲᠠᠭᠠᠬᠤ ᠶᠢ ᠣᠶᠢᠯᠠᠭᠠᠵᠤ᠂ ᠬᠦᠷᠢᠶᠡᠯᠡᠩ ᠲᠣᠭᠤᠷᠢᠭ ᠤᠨ ᠬᠥᠭᠵᠢᠯᠲᠡ ᠶᠢ ᠦᠢᠯᠡᠴᠢᠯᠡᠨ ᠳᠡᠮᠵᠢᠵᠦ᠂ | ᠲᠤᠮᠤ ᠳ᠋ᠠᠶᠢᠲ᠋ᠠ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠵᠡᠷᠭᠡ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ | ᠬᠡᠯᠬᠢᠶ᠎ᠡ ᠶᠢ ᠨᠥᠬᠦᠪᠥᠷᠢᠯᠡᠵᠦ ᠬᠡᠯᠬᠢᠶ᠎ᠡ ᠶᠢ ᠴᠢᠩᠭᠠᠳᠬᠠᠬᠤ ᠶᠢ ᠠᠬᠢᠭᠤᠯᠵᠤ᠂ ᠪᠦᠬᠦ ᠬᠤᠳᠠ ᠶᠢᠨ ᠬᠥᠭᠵᠢᠯᠲᠡ ᠶᠢᠨ | ᠶᠡᠭᠡ ᠲᠠᠯ᠎ᠠ ᠳᠤ ᠬᠦᠨᠳᠦ ᠡᠭᠦᠷᠭᠡ ᠶᠢ ᠵᠣᠷᠢᠭᠲᠠᠢ ᠪᠠᠷ ᠡᠭᠦᠷᠭᠡᠯᠡᠬᠦ ᠪᠠᠷ ᠴᠢᠷᠮᠠᠶᠢᠬᠤ ᠬᠡᠷᠡᠭᠲᠡᠢ᠃ ᠰᠠᠭᠤᠷᠢ | ᠲᠥᠬᠦᠭᠡᠷᠦᠮᠵᠢ ᠶᠢ ᠢᠵᠢ ᠪᠦᠷᠢᠳᠦᠭᠦᠯᠬᠦ ᠶᠢ ᠲᠡᠭᠦᠯᠳᠡᠷᠵᠢᠭᠦᠯᠵᠦ᠂ ᠦᠢᠯᠡᠴᠢᠯᠡᠭᠡᠨ ᠤ ᠴᠢᠳᠠᠪᠤᠷᠢ ᠪᠣᠯᠤᠨ ᠶᠠᠰᠤ | ᠴᠢᠨᠠᠷ ᠢ ᠨᠠᠷᠢᠨ ᠨᠢᠮᠪᠠᠢ ᠳᠡᠭᠡᠭᠰᠢᠯᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠰᠣᠶᠣᠯ ᠵᠢᠭᠤᠯᠴᠢᠯᠠᠯ ᠤᠨ ᠠᠵᠤ | ᠠᠬᠤᠶᠢᠯᠠᠯ ᠤᠨ ᠪᠦᠯᠦᠭᠵᠢᠯ ᠢ ᠪᠤᠶᠢᠵᠢᠭᠤᠯᠤᠨ ᠬᠥᠮᠦᠵᠢᠭᠦᠯᠵᠦ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠵᠠᠰᠠᠭ ᠤᠨ ᠣᠷᠳᠣᠨ ᠤ ᠥᠷᠢ ᠥᠭᠴᠡᠭᠡ ᠪᠠ ᠵᠥᠷᠢᠴᠡᠯ | ᠵᠢᠭᠤᠷᠠᠯᠳᠤᠭᠠᠨ ᠢ ᠠᠷᠢᠯᠭᠠᠬᠤ ᠠᠵᠢᠯ ᠢ ᠬᠦᠴᠦᠯᠡᠨ ᠰᠠᠶᠢᠲᠤᠷ ᠬᠢᠵᠦ᠂ ᠠᠮᠤᠷ ᠲᠦᠪᠰᠢᠨ ᠲᠣᠭᠲᠠᠭᠤᠨ ᠨᠡᠶᠢᠭᠡᠮ ᠤᠨ | ᠣᠷᠴᠢᠨ ᠲᠣᠭᠤᠷᠢᠨ ᠢ ᠢᠳᠡᠪᠬᠢᠲᠡᠶ ᠪᠠᠷ ᠪᠤᠢ ᠪᠣᠯᠭᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃ | | ᠣᠷᠴᠢᠭᠤᠯᠤᠭᠴᠢ᠄ ᠭᠤᠸ᠎ᠠ | ᠬᠢᠨᠠᠭᠴᠢ᠄ ᠠᠷᠢᠭᠤᠨ |