ᠵᠧᠦ ᠺᠠᠶ ᠬᠤᠲᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠳᠥᠷᠪᠡᠳ ᠬᠤᠰᠢᠭᠤ᠂ ᠹᠧᠩᠵᠧᠨ ᠬᠤᠲᠠ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠪᠠ
ᠨᠡᠶᠢᠲᠡᠯᠡᠭᠰᠡᠨ ᠴᠠᠭ᠄
2025/2/11
    2 ᠰᠠᠷ᠎ᠠ ᠶᠢᠨ 9 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠵᠧᠤ ᠺᠠᠶ ᠬᠤᠲᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠳᠥᠷᠪᠡᠳ ᠬᠤᠰᠢᠭᠤ᠂ ᠹᠧᠩᠵᠧᠨ ᠬᠤᠲᠠ ᠶᠢᠨ ᠲᠥᠯᠥᠭᠡᠯᠡᠭᠴᠢᠳ ᠤᠨ ᠪᠦᠯᠬᠦᠮ ᠳᠤ ᠬᠦᠷᠴᠦ᠂ ᠲᠥᠯᠥᠭᠡᠯᠡᠭᠴᠢᠳ ᠲᠠᠢ ᠬᠠᠮᠲᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠬᠢᠨᠠᠨ ᠵᠥᠪᠯᠡᠪᠡ᠃     ᠬᠢᠨᠠᠨ ᠵᠥᠪᠯᠡᠬᠦ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠬᠦᠷ ᠬᠥᠭᠵᠢᠶᠡᠨ ᠲᠠᠢ ᠪᠠᠶᠢᠵᠤ᠂ ᠵᠧᠦ ᠶᠤᠸᠠᠨ᠂ ᠸᠠᠩ ᠽᠢ ᠶᠤᠸᠠᠨ᠂ ᠵᠤᠤ ᠵᠢᠶᠦ᠋ᠨ ᠵᠡᠷᠭᠡ ᠲᠥᠯᠥᠭᠡᠯᠡᠭᠴᠢ ᠠᠵᠢᠯ ᠤᠨ ᠪᠣᠳᠠᠲᠤ ᠪᠠᠶᠢᠳᠠᠯ ᠪᠣᠯᠤᠨ ᠲᠤᠰ ᠪᠡᠶ᠎ᠡ ᠶᠢᠨ ᠣᠶᠢᠯᠠᠭᠠᠯᠲᠠ ᠲᠠᠢ ᠪᠠᠨ ᠤᠶᠠᠯᠳᠤᠭᠤᠯᠵᠤ᠂ ᠢᠳᠡᠪᠬᠢᠲᠡᠢ ᠪᠠᠷ ᠶᠠᠷᠢᠶ᠎ᠠ ᠲᠠᠯᠪᠢᠵᠤ᠂ ᠰᠠᠨᠠᠭᠤᠯᠭ᠎ᠠ ᠳᠤᠷᠠᠳᠴᠠᠢ᠃     ᠤᠯᠠᠨ ᠤ ᠶᠠᠷᠢᠶ᠎ᠠ ᠶᠢ ᠰᠣᠨᠣᠰᠤᠭᠰᠠᠨ ᠤ ᠳᠠᠷᠠᠭ᠎ᠠ᠂ ᠵᠧᠦ ᠺᠠᠢ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠦᠬᠦᠳᠡ ᠬᠤᠷᠠᠯ᠂ ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠵᠢᠴᠢ ᠬᠤᠳᠠ ᠶᠢᠨ ᠨᠠᠮ ᠤᠨ ᠬᠤᠷᠢᠶᠠᠨ ᠤ ᠪᠦᠬᠦᠳᠡ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠢᠯᠡᠷᠡᠭᠦᠯᠵᠦ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠭᠰᠡᠨ ᠰᠠᠶᠢᠨ ᠢᠯᠡᠳᠬᠡᠯ ᠪᠣᠯᠤᠨ᠎ᠠ᠂ ᠪᠢ ᠪᠦᠷᠢᠮᠦᠰᠦᠨ ᠵᠥᠪᠰᠢᠶᠡᠷᠡᠨ᠎ᠡ ᠭᠡᠵᠦ ᠬᠡᠯᠡᠪᠡ᠃     ᠵᠧᠦ ᠺᠠᠶ ᠳᠥᠷᠪᠡᠳ ᠬᠤᠰᠢᠭᠤ ᠪᠣᠯᠤᠨ ᠹᠧᠩᠵᠧᠨ ᠬᠤᠲᠠ ᠶᠢᠨ ᠥᠩᠭᠡᠷᠡᠭᠰᠡᠨ ᠨᠢᠭᠡ ᠵᠢᠯ ᠳᠤ ᠣᠯᠤᠭᠰᠠᠨ ᠠᠮᠵᠢᠯᠲᠠ ᠶᠢ ᠭᠦᠢᠴᠡᠳ ᠨᠤᠲᠠᠯᠠᠪᠠ᠃ ᠲᠡᠷᠡ᠂ ᠳᠥᠷᠪᠡᠳ ᠬᠤᠰᠢᠭᠤ ᠰᠢᠨ᠎ᠡ ᠵᠠᠮ ᠢᠶᠠᠷ ᠵᠠᠮᠨᠠᠵᠤ ᠳᠤᠮᠳᠠ ᠤᠷᠤᠰᠬᠠᠯ ᠳᠤ ᠣᠷᠣᠬᠤ ᠣᠮᠤᠭ ᠵᠣᠷᠢᠭ ᠢᠶᠠᠨ ᠪᠠᠲᠤᠳᠬᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠰᠢᠨ᠎ᠡ ᠡᠨᠧᠷᠭᠢ᠂ ᠰᠣᠶᠣᠯ ᠵᠤᠭᠠᠴᠠᠯ᠂ ᠠᠯᠠᠰᠢᠨ ᠬᠤᠨᠢ ᠵᠡᠷᠭᠡ ᠤᠨᠴᠠᠯᠢᠬᠳᠤ ᠳᠠᠪᠠᠭᠤᠯᠢᠭ ᠠᠵᠤ ᠦᠢᠯᠡᠰ ᠢ ᠬᠥᠭᠵᠢᠭᠦᠯᠬᠦ ᠬᠡᠷᠡᠭᠲᠡᠢ︔ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠤᠮᠠᠷᠠᠲᠤ ᠬᠢᠯᠢ ᠶᠢᠨ ᠰᠣᠶᠣᠯ ᠤᠨ ᠲᠦᠷᠦᠯ ᠲᠡᠮᠳᠡᠭ ᠢ ᠴᠤᠤᠷᠢᠶᠠᠲᠤᠭᠤᠯᠵᠤ᠂ ᠬᠢᠯᠢ ᠬᠢᠵᠠᠭᠠᠷ ᠢ ᠲᠣᠭᠲᠠᠪᠤᠷᠢᠵᠢᠭᠤᠯᠤᠨ ᠬᠢᠯᠢ ᠬᠢᠵᠠᠭᠠᠷ ᠢ ᠪᠠᠬᠢᠵᠢᠭᠦᠯᠬᠦ᠂ ᠬᠢᠯᠢ ᠬᠢᠵᠠᠭᠠᠷ ᠢ ᠬᠥᠭᠵᠢᠭᠦᠯᠦᠨ ᠠᠷᠠᠳ ᠢ ᠪᠠᠶᠠᠵᠢᠭᠤᠯᠬᠤ ᠶᠡᠭᠡ ᠶᠠᠪᠤᠳᠠᠯ ᠢ ᠰᠠᠶᠢᠲᠤᠷ ᠬᠢᠬᠦ ᠬᠡᠷᠡᠭᠲᠡᠢ︔ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠡᠷᠡᠭᠲᠡᠢ︔ ᠴᠢᠬᠤᠯᠠ ᠶᠡᠭᠡ ᠲᠦᠷᠦᠯ ᠵᠦᠢᠯ ᠢ ᠰᠠᠶᠢᠲᠤᠷ ᠬᠡᠷᠡᠭᠵᠢᠭᠦᠯᠵᠦ᠂ ᠨᠢᠭᠡᠳᠦᠭᠡᠷ ᠤᠯᠠᠷᠢᠯ ᠳᠤ ︽ᠰᠠᠶᠢᠨ ᠡᠬᠢᠯᠡᠯᠲᠡ︾ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ᠃ ᠹᠧᠩᠵᠧᠨ ᠬᠤᠲᠠ ᠲᠡᠮᠦᠷ ᠤᠨ ᠬᠠᠶᠢᠯᠤᠰᠢ ᠶᠢᠨ ᠠᠵᠤ ᠦᠢᠯᠡᠰ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠪᠣᠬᠢᠷᠲᠤᠯ ᠦᠭᠡᠢ ᠲᠡᠮᠦᠷ ᠤᠨ ᠬᠠᠶᠢᠯᠤᠰᠢ ᠶᠢᠨ ᠠᠵᠤ ᠦᠢᠯᠡᠰ ᠢ ᠬᠦᠴᠦᠷᠬᠡᠭᠵᠢᠭᠦᠯᠦᠨ ᠰᠢᠯᠢᠳᠡᠭᠵᠢᠭᠦᠯᠬᠦ ᠲᠠᠯ᠎ᠠ ᠪᠠᠷ ᠴᠢᠬᠤᠯᠠ ᠡᠭᠦᠷᠭᠡ ᠡᠭᠦᠷᠭᠡᠯᠡᠵᠦ᠂ ᠡᠮᠦᠨ᠎ᠡ ᠨᠢ ᠶᠠᠪᠤᠬᠤ ᠬᠡᠷᠡᠭᠲᠡᠢ︔ ᠵᠢᠨᠢᠩ ᠠᠴᠠ ᠭᠠᠨᠵᠤᠤᠷ ᠬᠦᠷᠬᠦ ᠲᠦᠷᠭᠡᠨ ᠤ ᠲᠡᠮᠦᠷ ᠵᠠᠮ ᠤᠨ ᠡᠵᠡᠩᠨᠡᠯᠲᠡ ᠶᠢᠨ ᠠᠵᠠ ᠲᠣᠬᠢᠶᠠᠯ ᠢ ᠢᠳᠡᠪᠬᠢᠲᠡᠢ ᠡᠵᠡᠮᠳᠡᠵᠦ᠂ ᠭᠠᠳᠠᠭᠰᠢ ᠨᠡᠭᠡᠭᠡᠯᠲᠡ ᠬᠢᠬᠦ ᠶᠢ ᠥᠷᠭᠡᠳᠬᠡᠬᠦ ᠪᠠ ᠣᠷᠣᠨ ᠪᠦᠰᠡ ᠶᠢᠨ ᠬᠠᠮᠲᠤᠷᠠᠯᠴᠠᠭ᠎ᠠ ᠶᠢ ᠴᠢᠩᠭᠠᠳᠬᠠᠬᠤ ᠲᠠᠯ᠎ᠠ ᠪᠠᠷ ᠰᠢᠨ᠎ᠡ ᠰᠢᠪᠲᠤᠯᠤᠯᠲᠠ᠂ ᠰᠢᠨ᠎ᠡ ᠠᠬᠢᠴᠠ ᠲᠠᠢ ᠪᠣᠯᠭᠠᠬᠤ ᠬᠡᠷᠡᠭᠲᠡᠢ︔ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠦᠷᠭᠦᠯᠵᠢᠯᠡᠨ ᠨᠡᠮᠡᠭᠳᠡᠭᠦᠯᠬᠦ ᠲᠠᠯ᠎ᠠ ᠪᠠᠷ ᠪᠣᠳᠠᠲᠤ ᠶᠠᠪᠤᠳᠠᠯ ᠬᠢᠵᠦ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ ᠬᠡᠷᠡᠭᠲᠡᠢ︔ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠬᠤ ᠲᠠᠯ᠎ᠠ ᠪᠠᠷ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠵᠦ᠂ ᠴᠢᠳᠠᠮᠠᠭᠠᠶ ᠪᠠᠷ ᠠᠵᠢᠯᠯᠠᠬᠤ ᠬᠡᠷᠡᠭᠲᠡᠶ ᠭᠡᠵᠦ ᠬᠡᠯᠡᠪᠡ᠃     ᠯᠢ ᠵᠢᠶᠠᠨ ᠵᠢᠶᠦ᠋ᠨ᠂ ᠯᠢᠶᠠᠩ ᠶᠦᠩ ᠵᠢᠶᠧ᠂ ᠰᠦᠢ ᠵᠢᠶᠠᠨ ᠬᠤᠸᠠ᠂ ᠢᠦᠢ ᠳ᠋ᠠᠢ ᠴᠢᠩ᠂ ᠸᠠᠩ ᠵᠧᠨ ᠬᠠᠢ ᠣᠷᠣᠯᠴᠠᠪᠠ᠃                                     ᠣᠷᠴᠢᠭᠤᠯᠤᠭᠴᠢ᠄ ᠭᠤᠸ᠎ᠠ                                     ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2