ᠯᠢᠶᠠᠩᠴᠧᠩ ᠰᠢᠶᠠᠨ᠄ ᠴᠠᠭᠠᠨ ᠰᠠᠷ᠎ᠠ ᠶᠢᠨ ᠬᠤᠭᠤᠴᠠᠭᠠᠨ ᠳᠠᠬᠢ ᠢᠯᠴᠢ ᠬᠠᠩᠭᠠᠬᠤ ᠪᠠᠲᠤᠯᠠᠭ᠎ᠠ ᠶᠢᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠪᠡ
ᠨᠡᠶᠢᠲᠡᠯᠡᠭᠰᠡᠨ ᠴᠠᠭ᠄
2025/2/12
           ᠴᠠᠭᠠᠨ ᠰᠠᠷ᠎ᠠ ᠶᠢᠨ ᠪᠠᠶᠠᠷ ᠲᠤ ᠯᠢᠶᠠᠩᠴᠧᠩ ᠰᠢᠶᠠᠨ ᠤ ᠭᠠᠵᠠᠷ ᠪᠣᠯᠭᠠᠨ ᠳᠤ ᠪᠠᠶᠠᠷ ᠤᠨ ᠡᠳᠦᠷ ᠤᠨ ᠠᠭᠤᠷ ᠠᠮᠢᠰᠬᠤᠯ ᠢᠶᠠᠷ ᠪᠢᠯᠬᠠᠨ᠎ᠠ᠃ ᠯᠢᠶᠠᠩᠴᠧᠩ ᠰᠢᠶᠠᠨ ᠤ ᠳᠤᠯᠠᠭᠠᠯᠭ᠎ᠠ ᠶᠢᠨ ᠢᠨᠵᠧᠨᠧᠷᠢᠩ ᠤᠨ ᠪᠠᠲᠤᠯᠠᠭ᠎ᠠ ᠶᠢᠨ ᠦᠢᠯᠡᠴᠢᠯᠡᠭᠡᠨ ᠤ ᠲᠥᠪ ᠨᠠᠷᠢᠯᠢᠭ ᠪᠠᠶᠢᠷᠢᠯᠠᠭᠤᠯᠵᠤ᠂ ᠴᠢᠩᠭ᠎ᠠ ᠨᠠᠶᠢᠳᠠᠪᠤᠷᠢᠵᠢᠭᠤᠯᠤᠨ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠳᠤᠯᠠᠭᠠᠯᠭ᠎ᠠ ᠶᠢᠨ ᠪᠠᠲᠤᠯᠠᠭ᠎ᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠠᠷᠢᠭᠤᠴᠠᠯᠭ᠎ᠠ ᠪᠠ ᠡᠭᠦᠷᠭᠡᠯᠡᠯ ᠢᠶᠠᠷ ᠬᠤᠲᠠ ᠶᠢᠨ ᠳᠤᠯᠠᠭᠠᠯᠭ᠎ᠠ ᠶᠢᠨ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠣᠯᠠᠨ ᠲᠦᠮᠡᠨ ᠤ ᠪᠠᠶᠠᠷ ᠳᠤᠷᠠᠰᠬᠠᠯ ᠤᠨ ᠡᠳᠦᠷ ᠢᠶᠠᠨ ᠳᠤᠯᠠᠭᠠᠬᠠᠨ ᠥᠩᠭᠡᠷᠡᠭᠦᠯᠬᠦ ᠶᠢ ᠪᠠᠲᠤᠯᠠᠪᠡ᠃    ᠪᠠᠶᠠᠷ ᠤᠨ ᠡᠳᠦᠷ ᠤᠨ ᠬᠤᠭᠤᠴᠠᠭᠠᠨ ᠳᠠᠬᠢ ᠳᠤᠯᠠᠭᠠᠯᠭ᠎ᠠ ᠶᠢᠨ ᠶᠠᠰᠤ ᠴᠢᠨᠠᠷ ᠢ ᠪᠠᠲᠤᠯᠠᠬᠤ ᠶᠢᠨ ᠲᠥᠯᠥᠭᠡ᠂ ᠯᠢᠶᠠᠩᠴᠧᠩ ᠰᠢᠶᠠᠨ ᠤ ᠳᠤᠯᠠᠭᠠᠯᠭ᠎ᠠ ᠶᠢᠨ ᠢᠨᠵᠧᠨᠧᠷᠢᠩ ᠤᠨ ᠪᠠᠲᠤᠯᠠᠭ᠎ᠠ ᠶᠢᠨ ᠦᠢᠯᠡᠴᠢᠯᠡᠭᠡᠨ ᠤ ᠲᠥᠪ ᠠᠵᠢᠯ ᠤᠨ ᠪᠠᠶᠢᠷᠢ ᠡᠭᠡᠯᠵᠢᠯᠡᠨ ᠵᠢᠵᠢᠭᠦᠷᠯᠡᠬᠦ᠂ ᠳᠤᠯᠠᠭᠠᠯᠭ᠎ᠠ ᠶᠢᠨ ᠤᠲᠠᠰᠤ ᠶᠢ 24 ᠴᠠᠭ ᠰᠠᠭᠠᠳ ᠥᠬᠡᠶ ᠨᠡᠪᠲᠡᠷᠡᠭᠦᠯᠬᠦ᠂ ᠰᠡᠯᠪᠢᠨ ᠵᠠᠰᠠᠬᠤ ᠠᠵᠢᠯᠲᠠᠨ ᠤ ᠬᠡᠷ ᠲᠤᠨᠢ ᠬᠦᠷᠴᠦ ᠦᠢᠯᠡᠴᠢᠯᠡᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠳᠤᠯᠠᠭᠠᠯᠭ᠎ᠠ ᠶᠢᠨ ᠲᠥᠬᠦᠭᠡᠷᠦᠮᠵᠢ ᠶᠢᠨ ᠬᠡᠪ ᠤᠨ ᠠᠵᠢᠯᠯᠠᠭᠠᠨ ᠢ ᠪᠥᠬᠦ ᠲᠠᠯ᠎ᠠ ᠪᠠᠷ ᠪᠠᠲᠤᠯᠠᠵᠤ᠂ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠪᠣᠳᠠᠲᠤ ᠠᠵᠢᠯᠯᠠᠭ᠎ᠠ ᠪᠠᠷ ᠢᠶᠠᠨ ᠡᠨᠡ ᠴᠠᠭᠠᠨ ᠰᠠᠷ᠎ᠠ ᠶᠢ ᠨᠠᠩ ᠳᠤᠯᠠᠭᠠᠬᠠᠨ ᠪᠣᠯᠭᠠᠪᠠ᠃    ᠥᠷᠭᠡᠨ ᠣᠯᠠᠨ ᠰᠠᠭᠤᠭᠠᠯᠢ ᠠᠷᠠᠳ ᠤᠨ ᠳᠤᠯᠠᠭᠠᠨ ᠪᠦᠯᠢᠶᠡᠨ ᠪᠠᠶᠠᠷ ᠤᠨ ᠡᠳᠦᠷ ᠢ ᠥᠩᠭᠡᠷᠡᠭᠦᠯᠬᠦ ᠶᠢ ᠪᠠᠲᠤᠯᠠᠬᠤ ᠶᠢᠨ ᠲᠥᠯᠥᠭᠡ᠂ ᠳᠤᠯᠠᠭᠠᠯᠭ᠎ᠠ ᠶᠢᠨ ᠢᠨᠵᠧᠨᠧᠷᠢᠩ ᠤᠨ ᠪᠠᠲᠤᠯᠠᠭ᠎ᠠ ᠶᠢᠨ ᠦᠢᠯᠡᠴᠢᠯᠡᠭᠡᠨ ᠤ ᠲᠥᠪ ᠤᠨ ᠪᠥᠬᠦ ᠠᠵᠢᠯᠲᠠᠳ ᠢᠯᠴᠢ ᠬᠠᠩᠭᠠᠬᠤ ᠨᠢᠭᠡᠳᠦᠭᠡᠷ ᠹᠷᠣᠨᠲ ᠲᠤ ᠪᠠᠲᠤ ᠰᠠᠬᠢᠵᠤ᠂ 24 ᠴᠠᠭ ᠲᠤ ᠢᠯᠴᠢ ᠬᠠᠩᠭᠠᠬᠤ ᠬᠡᠷᠡᠭᠯᠡᠭᠴᠢ ᠶᠢᠨ ᠬᠦᠰᠡᠯ ᠱᠠᠭᠠᠷᠳᠠᠯᠭ᠎ᠠ ᠶᠢ ᠭᠥᠯᠢᠶᠡᠨ ᠠᠪᠴᠤ ᠰᠣᠨᠣᠰᠪᠠ᠃ ᠡᠭᠦᠨ ᠤ ᠬᠠᠮᠲᠤ᠂ ᠬᠠᠬᠢᠷ ᠬᠦᠢᠲᠡᠨ ᠴᠠᠭ ᠠᠭᠤᠷ ᠤᠨ ᠨᠥᠯᠥᠭᠡ ᠶᠢ ᠠᠷᠭᠠᠴᠠᠬᠤ ᠶᠢᠨ ᠲᠥᠯᠥᠭᠡ᠂ ᠲᠠᠭ᠎ᠠ ᠶᠢᠨ ᠨᠠᠭᠤᠷ ᠤᠨ ᠴᠠᠬᠢᠯᠭᠠᠨ ᠦᠢᠯᠡᠳᠪᠦᠷᠢ ᠪᠣᠯᠤᠨ ᠢᠯᠴᠢ ᠬᠠᠩᠭᠠᠬᠤ ᠠᠵᠤ ᠠᠬᠤᠶᠢᠯᠠᠯ ᠲᠠᠢ ᠬᠠᠮᠵᠢᠯᠴᠠᠨ᠂ ᠬᠠᠮᠲᠤᠪᠠᠷ ᠰᠤᠳᠤᠯᠤᠨ ᠮᠠᠭᠠᠳᠯᠠᠵᠤ᠂ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠴᠠᠭ ᠲᠤᠬᠠᠶ ᠳᠤᠨᠢ ᠡᠬᠢᠯᠡᠭᠦᠯᠦᠨ᠂ ᠢᠯᠴᠢ ᠬᠠᠩᠭᠠᠬᠤ ᠠᠰᠠᠭᠤᠳᠠᠯ ᠢ ᠲᠡᠷᠡ ᠳᠠᠷᠤᠶ ᠳᠤᠨᠢ ᠰᠢᠢᠳᠪᠦᠷᠢᠯᠡᠪᠡ᠃                               ᠤᠷᠴᠢᠭᠤᠯᠤᠭᠴᠢ᠄ ᠬᠦᠰᠡᠯ                               ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2