| — ᠵᠧᠤ ᠺᠠᠶ ᠶᠤᠸᠠᠢ ᠶᠠᠨ ᠮᠧᠶ ᠬᠤᠷᠠᠯ ᠳᠤ ᠣᠷᠣᠯᠴᠠᠵᠤ ᠴᠢ ᠹᠸᠢ ᠶᠦᠨ ᠵᠠᠰᠠᠭ ᠤᠨ ᠣᠷᠳᠣᠨ ᠤ | ᠠᠵᠢᠯ ᠤᠨ ᠢᠯᠡᠳᠬᠡᠯ ᠬᠢᠵᠤ ᠱᠢ ᠯᠢᠶᠠᠩ ᠬᠤᠷᠠᠯ ᠢ ᠡᠷᠭᠢᠯᠡᠪᠡ | | 2 ᠰᠠᠷ᠎ᠠ ᠶᠢᠨ 9 ᠤ ᠡᠳᠦᠷ ᠤᠨ ᠦᠳᠡ ᠶᠢᠨ ᠡᠮᠦᠨ᠎ᠡ᠂ ᠤᠯᠠᠭᠠᠨᠴᠠᠪ ᠬᠤᠲᠠ ᠶᠢᠨ ᠲᠠᠪᠤᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠵᠢᠨᠢᠩ | ᠲᠣᠭᠤᠷᠢᠭ ᠲᠤ ᠡᠬᠢᠯᠡᠪᠡ᠃ | ᠬᠤᠷᠠᠯ ᠤᠨ ᠲᠠᠯᠠᠪᠠᠢ ᠲᠥᠪ ᠬᠢᠴᠢᠶᠡᠩᠭᠦᠢ ᠪᠣᠷᠣᠭᠵᠢᠭᠤᠨ᠂ ᠬᠦᠷ ᠬᠥᠭᠵᠢᠶᠡᠨ ᠲᠠᠢ ᠪᠠᠶᠢᠵᠤ᠂ | ᠲᠡᠷᠢᠭᠦᠯᠡᠭᠴᠢ ᠶᠢᠨ ᠲᠠᠶᠢᠰᠠᠨ ᠤ ᠭᠤᠣᠯ ᠳᠤᠮᠳᠠᠬᠢ ᠤᠯᠤᠰ ᠤᠨ ᠰᠦᠯᠳᠡ ᠨᠢ ᠤᠯᠠᠭᠠᠨ ᠲᠤᠭ ᠤᠨ ᠳᠣᠣᠷ᠎ᠠ ᠭᠡᠷᠡᠯ | ᠭᠢᠯᠪᠠᠭ᠎ᠠ ᠪᠠᠨ ᠰᠠᠴᠤᠷᠠᠭᠤᠯᠤᠨ᠎ᠠ᠃ ᠮᠠᠨ ᠤ ᠬᠤᠲᠠ ᠶᠢᠨ ᠡᠯ᠎ᠡ ᠭᠠᠵᠠᠷ ᠣᠷᠣᠨ᠂ ᠡᠯ᠎ᠡ ᠹᠷᠣᠨᠲ᠂ ᠡᠯ᠎ᠡ ᠠᠵᠢᠯ | ᠲᠥᠷᠥᠯ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠦᠬᠦ ᠬᠤᠲᠠ ᠶᠢᠨ ᠠᠷᠠᠳ | ᠲᠦᠮᠡᠨ ᠤ ᠬᠦᠨᠳᠦ ᠨᠠᠶᠢᠳᠠᠯᠭ᠎ᠠ ᠶᠢ ᠡᠭᠦᠷᠭᠡᠯᠡᠵᠦ᠂ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ | ᠲᠤᠰᠢᠶᠠᠯ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠪᠡ᠃ | | | | 2 ᠰᠠᠷ᠎ᠠ ᠶᠢᠨ 9 ᠤ ᠡᠳᠦᠷ ᠤᠨ ᠦᠳᠡ ᠶᠢᠨ ᠡᠮᠦᠨ᠎ᠡ᠂ ᠤᠯᠠᠭᠠᠨᠴᠠᠪ ᠬᠤᠲᠠ ᠶᠢᠨ ᠲᠠᠪᠤᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠵᠢᠨᠢᠩ | ᠲᠣᠭᠤᠷᠢᠭ ᠲᠤ ᠡᠬᠢᠯᠡᠪᠡ᠃ ᠸᠠᠩ ᠵᠢᠶᠦ᠋ᠨ ᠫᠢᠩ ᠰᠡᠭᠦᠳᠡᠷᠯᠡᠪᠡ | ᠶᠡᠭᠡ ᠬᠤᠷᠠᠯ ᠢ ᠲᠡᠷᠢᠭᠦᠯᠡᠭᠴᠢᠳ ᠤᠨ ᠪᠦᠯᠬᠦᠮ ᠤᠨ ᠭᠦᠢᠴᠡᠳᠬᠡᠭᠴᠢ ᠲᠡᠷᠢᠭᠦᠯᠡᠭᠴᠢ ᠱᠢ ᠯᠢᠶᠠᠩ ᠡᠷᠬᠢᠯᠡᠪᠡ᠃ | ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠭᠦᠢᠴᠡᠳᠬᠡᠭᠴᠢ ᠲᠡᠷᠢᠭᠦᠯᠡᠭᠴᠢ ᠱᠢ ᠹᠠᠩ᠂ ᠯᠢ ᠶᠤᠸᠠᠨ ᡁᠢ᠂ | ᠯᠢᠦ ᠹᠸᠢ ᠮᠢᠩ᠂ ᠶᠠᠩ ᠵᠠᠨ ᠫᠢᠩ᠂ ᠹᠦ᠋ ᠬᠠᠢ ᠴᠢᠩ᠂ ᠱᠧᠨ ᠼᠠᠢ ᠵᠢᠶᠦ᠋ᠨ᠂ ᠢᠦᠢ ᠳ᠋ᠠᠶ ᠴᠢᠩ᠂ ᠸᠠᠩ ᠳ᠋ᠠ ᠾᠧ᠂ | ᠯᠢᠦ ᠰᠢᠤ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃ | ᠵᠧᠤ ᠺᠠᠶ᠂ ᠴᠢ ᠹᠸᠢ ᠶᠦᠨ᠂ ᠶᠤᠸᠠᠢ ᠶᠠᠨ ᠮᠧᠶ ᠵᠡᠷᠭᠡ ᠤᠳᠤᠷᠢᠳᠤᠯᠭ᠎ᠠ ᠵᠢᠴᠢ ᠲᠡᠷᠢᠭᠦᠯᠡᠭᠴᠢᠳ ᠤᠨ | ᠪᠦᠯᠬᠦᠮ ᠤᠨ ᠪᠤᠰᠤᠳ ᠪᠦᠷᠢᠯᠳᠦᠬᠦᠨ ᠲᠡᠷᠢᠭᠦᠯᠡᠭᠴᠢᠳ ᠤᠨ ᠲᠠᠶᠢᠰᠠᠨ ᠳᠤ ᠰᠠᠭᠠᠲᠠᠪᠠ᠃ | ᠤᠯᠠᠭᠠᠨᠴᠠᠪ ᠬᠤᠲᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠣᠲᠣ 340 ᠬᠥᠮᠦᠨ ᠪᠣᠶ᠂ ᠤᠴᠢᠷ ᠶᠠᠪᠤᠳᠠᠯ ᠡᠪᠡᠳᠴᠢᠨ ᠠᠴᠠ ᠪᠣᠯᠵᠣ 44 ᠬᠥᠮᠦᠨ ᠴᠢᠯᠥᠭᠡ | ᠭᠤᠶᠤᠪᠠ᠂ ᠲᠣᠰ ᠤᠳᠠᠭᠠᠨ ᠤ ᠪᠥᠬᠦᠳᠡ ᠬᠤᠷᠠᠯ ᠳᠤ 296 ᠲᠥᠯᠥᠭᠡᠯᠡᠭᠴᠢ ᠣᠷᠣᠯᠴᠠᠵᠤ᠂ ᠬᠠᠤᠯᠢ ᠳᠤ | ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠪᠡ᠃ | ᠦᠳᠡ ᠶᠢᠨ ᠡᠮᠦᠨᠡᠬᠢ 9 ᠴᠠᠭ ᠲᠤ᠂ ᠶᠡᠭᠡ ᠬᠤᠷᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ | ᠠᠶᠠᠰ ᠳᠤᠮᠳᠠ ᠡᠬᠢᠯᠡᠪᠡ᠃ | | | | 2 ᠰᠠᠷ᠎ᠠ ᠶᠢᠨ 9 ᠤ ᠡᠳᠦᠷ ᠤᠨ ᠦᠳᠡ ᠶᠢᠨ ᠡᠮᠦᠨ᠎ᠡ᠂ ᠬᠤᠳᠠ ᠶᠢᠨ ᠳᠠᠷᠤᠭ᠎ᠠ ᠴᠢ ᠹᠸᠢ ᠶᠦᠨ ᠬᠤᠳᠠ ᠶᠢᠨ | ᠵᠠᠰᠠᠭ ᠤᠨ ᠣᠷᠳᠣᠨ ᠢ ᠲᠥᠯᠥᠭᠡᠯᠡᠨ ᠶᠡᠭᠡ ᠬᠤᠷᠠᠯ ᠳᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠬᠢᠪᠡ᠃ | ᠵᠠᠩ ᠰᠢᠶᠤᠤ ᠫᠧᠩ ᠰᠡᠭᠦᠳᠡᠷᠯᠡᠪᠡ | ᠬᠠᠯᠠᠭᠤᠨ ᠠᠯᠠᠭ᠎ᠠ ᠲᠠᠰᠢᠯᠳᠠ ᠶᠢᠨ ᠳᠤᠮᠳᠠ᠂ ᠬᠤᠳᠠ ᠶᠢᠨ ᠳᠠᠷᠤᠭ᠎ᠠ ᠴᠢ ᠹᠸᠢ ᠶᠦᠨ ᠬᠤᠳᠠ ᠶᠢᠨ ᠵᠠᠰᠠᠭ ᠤᠨ | ᠣᠷᠳᠣᠨ ᠢ ᠲᠥᠯᠥᠭᠡᠯᠡᠨ ᠶᠡᠭᠡ ᠬᠤᠷᠠᠯ ᠳᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠬᠢᠵᠡᠢ᠃ | ᠵᠤᠬᠢᠶᠠᠭᠴᠢ᠄ ᠱᠤᠤ ᠮᠢᠨ ᠯᠢ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ |