ᠯᠢ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠢ ᠡᠷᠭᠢᠯᠡᠨ ᠬᠤᠷᠠᠯᠳᠤᠭᠤᠯᠤᠭᠠᠳ ᠬᠡᠷᠡᠭᠯᠡᠭᠡ ᠶᠢ ᠬᠥᠭᠵᠢᠭᠡᠬᠦ ᠬᠤᠯᠪᠣᠭᠳᠠᠯ ᠪᠦᠬᠦᠢ ᠠᠵᠢᠯ ᠢ ᠰᠤᠳᠤᠯᠵᠤ ︽2025 ᠣᠨ ᠤ ᠭᠠᠳᠠᠭᠠᠳᠤ ᠪᠡᠯᠡ ᠶᠢ ᠲᠣᠭᠲᠠᠪᠤᠷᠢᠵᠢᠭᠤᠯᠬᠤ ᠠᠵᠢᠯᠯᠠᠭᠠᠨ ᠤ ᠲᠥᠰᠥᠯ︾ ᠢ ᠬᠢᠨᠠᠨ ᠵᠥᠪᠯᠡᠵᠦ ᠪᠠᠲᠤᠯᠠᠪᠠ ᠭᠤᠣᠯᠳᠠᠯᠭ᠎ᠠ ᠪᠣᠯᠬᠤ ᠠᠵᠤ ᠦᠢᠯᠡᠰ ᠤᠨ ᠪᠦᠲᠦᠴᠡ ᠶᠢᠨ ᠴᠢᠨᠠᠷᠲᠠᠢ ᠵᠥᠷᠢᠴᠡᠯ ᠢ ᠠᠷᠢᠯᠭᠠᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠰᠤᠳᠤᠯᠪᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠬᠥᠭᠵᠢᠯᠲᠡ ᠶᠢᠨ ᠲᠥᠯᠦᠪᠵᠢᠭᠦᠯᠭᠡ ᠶᠢᠨ ᠬᠠᠤᠯᠢ ︵ᠲᠥᠰᠥᠯ︶︾ ᠶᠢ ᠶᠠᠷᠢᠯᠴᠠᠪᠠ
ᠨᠡᠶᠢᠲᠡᠯᠡᠭᠰᠡᠨ ᠴᠠᠭ᠄
2025/2/13
    ᠰᠢᠨᠬᠤᠸᠠ ᠬᠤᠷᠢᠶᠠᠨ ᠤ ᠪᠡᠭᠡᠵᠢᠩ ᠤᠨ 2 ᠳ᠋ᠤᠭᠠᠷ ᠰᠠᠷ᠎ᠠ ᠶᠢᠨ 10 ᠤ ᠡᠳᠦᠷ ᠤᠨ ᠴᠠᠬᠢᠯᠭᠠᠨ ᠮᠡᠳᠡᠭᠡ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 2 ᠳ᠋ᠤᠭᠠᠷ ᠰᠠᠷ᠎ᠠ ᠶᠢᠨ 10 ᠤ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠢ ᠡᠷᠬᠢᠯᠡᠨ ᠬᠤᠷᠠᠯᠳᠤᠭᠤᠯᠤᠭᠠᠳ ᠬᠡᠷᠡᠭᠯᠡᠭᠡ ᠶᠢ ᠬᠥᠭᠵᠢᠭᠡᠬᠦ ᠬᠤᠯᠪᠣᠭᠳᠠᠯ ᠪᠦᠬᠦᠢ ᠠᠵᠢᠯ ᠢ ᠰᠤᠳᠤᠯᠵᠤ᠂ ︽2025 ᠣᠨ ᠤ ᠭᠠᠳᠠᠭᠠᠳᠤ ᠪᠡᠯᠡ ᠶᠢ ᠲᠣᠭᠲᠠᠪᠤᠷᠢᠵᠢᠭᠤᠯᠬᠤ ᠠᠵᠢᠯᠯᠠᠭᠠᠨ ᠤ ᠲᠥᠰᠥᠯ︾ ᠢ ᠬᠢᠨᠠᠨ ᠵᠥᠪᠯᠡᠵᠦ ᠪᠠᠲᠤᠯᠠᠭᠰᠠᠨ ᠪᠥᠭᠡᠳ ᠭᠤᠣᠯᠳᠠᠯᠭ᠎ᠠ ᠪᠣᠯᠬᠤ ᠠᠵᠤ ᠦᠢᠯᠡᠰ ᠤᠨ ᠪᠦᠲᠦᠴᠡ ᠶᠢᠨ ᠴᠢᠨᠠᠷᠲᠠᠢ ᠵᠥᠷᠢᠴᠡᠯ ᠢ ᠠᠷᠢᠯᠭᠠᠬᠤ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠰᠤᠳᠤᠯᠤᠨ᠂ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠬᠥᠭᠵᠢᠯᠲᠡ ᠶᠢᠨ ᠲᠥᠯᠦᠪᠵᠢᠭᠦᠯᠭᠡ ᠶᠢᠨ ᠬᠠᠤᠯᠢ ︵ᠲᠥᠰᠥᠯ︶︾ ᠶᠢ ᠶᠠᠷᠢᠯᠴᠠᠪᠠ᠃     ᠬᠤᠷᠠᠯᠳᠤᠭᠠᠨ ᠢᠶᠠᠷ᠂ ᠬᠡᠷᠡᠭᠯᠡᠭᠡ ᠶᠢ ᠬᠥᠭᠵᠢᠭᠡᠬᠦ ᠪᠣᠯ ᠳᠣᠲᠣᠭᠠᠳᠤ ᠬᠡᠷᠡᠭᠴᠡᠭᠡ ᠶᠢ ᠥᠷᠭᠡᠳᠬᠡᠬᠦ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢᠨ ᠲᠡᠷᠢᠭᠦᠨ ᠴᠢᠬᠤᠯᠠ ᠶᠠᠪᠤᠳᠠᠯ ᠪᠣᠯᠣᠨ᠎ᠠ᠃ ᠦᠵᠡᠯᠲᠡ ᠪᠠᠨ ᠦᠨᠡᠨ ᠬᠦ ᠬᠤᠪᠢᠷᠠᠭᠤᠯᠤᠨ᠂ ᠬᠡᠷᠡᠭᠯᠡᠭᠡ ᠶᠢ ᠬᠥᠭᠵᠢᠭᠡᠬᠦ ᠶᠠᠪᠤᠳᠠᠯ ᠢ ᠨᠡᠩ ᠲᠣᠪᠤᠶᠢᠮ᠎ᠠ ᠪᠠᠶᠢᠷᠢᠨ ᠳᠤ ᠲᠠᠯᠪᠢᠬᠤ ᠬᠡᠷᠡᠭᠲᠡᠢ᠃ ᠰᠠᠭᠤᠭᠠᠯᠢ ᠠᠷᠠᠳ ᠤᠨ ᠣᠷᠣᠯᠭ᠎ᠠ ᠪᠠᠨ ᠨᠡᠮᠡᠭᠳᠡᠭᠦᠯᠬᠦ ᠶᠢ ᠬᠦᠴᠦᠲᠡᠢ ᠲᠡᠮᠵᠢᠵᠤ᠂ ᠴᠠᠯᠢᠩ ᠤᠨ ᠴᠢᠨᠠᠷᠲᠠᠢ ᠣᠷᠣᠯᠭ᠎ᠠ ᠶᠢᠨ ᠵᠣᠬᠢᠰᠲᠠᠢ ᠨᠡᠮᠡᠭᠳᠡᠬᠦ ᠶᠢ ᠠᠬᠢᠭᠤᠯᠤᠨ᠂ ᠡᠳ᠋ ᠬᠥᠷᠥᠩᠭᠡ ᠶᠢᠨ ᠴᠢᠨᠠᠷᠲᠠᠢ ᠣᠷᠣᠯᠭ᠎ᠠ ᠶᠢᠨ ᠠᠷᠭ᠎ᠠ ᠵᠠᠮ ᠢ ᠥᠷᠭᠡᠳᠬᠡᠵᠦ᠂ ᠬᠡᠷᠡᠭᠯᠡᠭᠡ ᠶᠢᠨ ᠴᠢᠳᠠᠪᠤᠷᠢ ᠶᠢ ᠨᠢ ᠳᠡᠭᠡᠭᠰᠢᠯᠡᠭᠦᠯᠬᠦ ᠬᠡᠷᠡᠭᠲᠡᠢ᠃ ᠨᠥᠯᠥᠭᠡᠯᠡᠨ ᠳᠠᠭᠠᠭᠤᠯᠬᠤ ᠴᠢᠨᠠᠷ ᠢᠶᠠᠷ ᠴᠢᠩᠭ᠎ᠠ᠂ ᠨᠡᠮᠡᠭᠳᠡᠬᠦ ᠣᠷᠣᠨ ᠵᠠᠢ ᠪᠠᠷ ᠶᠡᠭᠡ ᠪᠠᠶᠢᠳᠠᠭ ᠬᠡᠷᠡᠭᠯᠡᠭᠡ ᠶᠢᠨ ᠬᠦᠷᠢᠶ᠎ᠡ ᠴᠠᠷᠠᠭᠠᠨ ᠳᠤ ᠠᠩᠬᠠᠷᠤᠯ ᠢᠶᠠᠨ ᠲᠥᠪᠯᠡᠷᠡᠭᠦᠯᠵᠦ᠂ ᠬᠡᠷᠡᠭᠯᠡᠭᠡ ᠶᠢᠨ ᠳᠠᠯᠳᠠ ᠬᠦᠴᠦᠨ ᠢ ᠭᠦᠨᠵᠡᠭᠡᠢ ᠠᠭᠤᠳᠠᠯᠬᠤ ᠬᠡᠷᠡᠭᠲᠡᠢ᠃ ᠦᠢᠯᠡᠴᠢᠯᠡᠭᠡᠨ ᠤ ᠬᠡᠷᠡᠭᠯᠡᠭᠡ ᠶᠢᠨ ᠴᠢᠨᠠᠷ ᠢ ᠳᠡᠭᠡᠭᠰᠢᠯᠡᠭᠦᠯᠦᠨ ᠠᠷᠠᠳ ᠲᠤ ᠠᠰᠢᠭ ᠬᠦᠷᠲᠡᠭᠡᠬᠦ ᠶᠢ ᠨᠢ ᠠᠬᠢᠭᠤᠯᠵᠤ᠂ ︽ᠨᠠᠰᠤᠲᠠᠶᠢᠴᠤᠳ ᠪᠠ ᠨᠠᠰᠤᠨ ᠳᠤ ᠦᠯᠦ ᠬᠦᠷᠦᠭᠰᠡᠳ︾ ᠲᠤ ᠦᠢᠯᠡᠴᠢᠯᠡᠬᠦ ᠬᠠᠩᠭᠠᠯᠭ᠎ᠠ ᠶᠢ ᠰᠢᠯᠢᠳᠡᠭᠵᠢᠭᠦᠯᠦᠨ᠂ ᠠᠷᠠᠳ ᠲᠤ ᠳᠦᠭᠦᠮᠯᠡᠬᠦ ᠦᠢᠯᠡᠴᠢᠯᠡᠭᠡᠨ ᠤ ᠬᠡᠷᠡᠭᠯᠡᠭᠡ ᠶᠢ ᠳᠡᠮᠵᠢᠵᠦ᠂ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠤᠨ ᠬᠡᠷᠡᠭᠯᠡᠭᠡ ᠶᠢ ᠥᠷᠭᠡᠳᠬᠡᠵᠦ᠂ ᠮᠥᠰᠥ ᠴᠠᠰᠤᠨ ᠤ ᠲᠠᠯ᠎ᠠ ᠪᠠᠷ ᠬᠢ ᠵᠤᠭ᠎ᠠ ᠴᠡᠩᠬᠡᠯ ᠤᠨ ᠬᠡᠷᠡᠭᠯᠡᠭᠡ ᠶᠢ ᠠᠬᠢᠭᠤᠯᠤᠨ᠂ ᠬᠢᠯᠢ ᠪᠠᠷ ᠵᠢᠭᠤᠯᠴᠢᠯᠠᠨ ᠢᠷᠡᠭᠰᠡᠳ ᠤᠨ ᠬᠡᠷᠡᠭᠯᠡᠭᠡ ᠶᠢ ᠬᠥᠭᠵᠢᠭᠦᠯᠦᠨ᠎ᠡ᠃ ᠥᠷᠭᠡᠨ ᠬᠡᠷᠡᠭᠴᠡᠭᠡᠨ ᠤ ᠬᠡᠷᠡᠭᠯᠡᠭᠡ ᠶᠢᠨ ᠠᠭᠤᠯᠭ᠎ᠠ ᠶᠢ ᠰᠢᠨᠡᠳᠬᠡᠨ ᠲᠡᠰ ᠳᠡᠪᠰᠢᠭᠦᠯᠬᠦ ᠶᠢ ᠨᠢ ᠠᠬᠢᠭᠤᠯᠵᠤ᠂ ᠬᠡᠷᠡᠭᠯᠡᠭᠡ ᠶᠢᠨ ᠬᠠᠭᠤᠴᠢᠨ ᠵᠦᠢᠯᠡᠰ ᠢᠶᠠᠨ ᠰᠢᠨ᠎ᠡ ᠪᠠᠷ ᠰᠣᠯᠢᠬᠤ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠣᠷᠣᠨ ᠰᠠᠭᠤᠴᠠ ᠶᠢᠨ ᠬᠡᠷᠡᠭᠯᠡᠭᠡ ᠶᠢᠨ ᠬᠡᠷᠡᠭᠴᠡᠭᠡ ᠱᠠᠭᠠᠷᠳᠠᠯᠭ᠎ᠠ ᠶᠢ ᠨᠡᠩ ᠰᠠᠶᠢᠨ ᠬᠠᠩᠭᠠᠨ᠂ ᠮᠠᠰᠢᠨ ᠲᠡᠷᠭᠡᠨ ᠤ ᠬᠡᠷᠡᠭᠯᠡᠭᠡ ᠶᠢᠨ ᠬᠡᠯᠬᠢᠶ᠎ᠡ ᠶᠢ ᠤᠷᠲᠤᠳᠬᠠᠨ᠎ᠠ᠃ ᠬᠡᠷᠡᠭᠯᠡᠭᠡ ᠶᠢᠨ ᠨᠠᠷᠠᠲᠤ ᠲᠡᠮᠳᠡᠭ ᠢᠶᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠰᠢᠨ᠎ᠡ ᠬᠡᠯᠪᠡᠷᠢ ᠶᠢᠨ ᠬᠡᠷᠡᠭᠯᠡᠭᠡ ᠶᠢᠨ ᠲᠦᠷᠭᠡᠨ ᠬᠥᠭᠵᠢᠯᠲᠡ ᠶᠢ ᠳᠡᠮᠵᠢᠵᠦ᠂ ︽ᠵᠣᠬᠢᠶᠠᠮᠠᠯ ᠣᠶᠤᠨ+ ᠬᠡᠷᠡᠭᠯᠡᠭᠡ︾᠂ ᠡᠷᠡᠭᠦᠯ ᠬᠡᠷᠡᠭᠯᠡᠭᠡ ᠵᠡᠷᠭᠡ ᠶᠢ ᠠᠬᠢᠭᠤᠯᠤᠨ᠂ ᠬᠡᠷᠡᠭᠯᠡᠭᠡ ᠶᠢᠨ ᠰᠢᠨ᠎ᠡ ᠦᠢᠯᠡᠳᠬᠦᠨ ᠰᠢᠨ᠎ᠡ ᠠᠬᠤᠢ ᠪᠠᠶᠢᠳᠠᠯ ᠰᠢᠨ᠎ᠡ ᠬᠠᠯᠠᠮᠰᠢᠯ ᠢ ᠦᠷᠭᠦᠯᠵᠢᠯᠡᠨ ᠪᠣᠶ ᠪᠣᠯᠭᠠᠨ᠎ᠠ᠃ ᠬᠡᠷᠡᠭᠯᠡᠭᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠬᠦ ᠭᠤᠷᠪᠠᠨ ᠵᠢᠯ ᠤᠨ ᠠᠵᠢᠯᠯᠠᠭᠠᠨ ᠢ ᠬᠡᠷᠡᠭᠵᠢᠭᠦᠯᠵᠦ᠂ ᠴᠢᠨᠠᠷ ᠴᠢᠨᠰᠠᠭ᠎ᠠ ᠶᠢᠨ ᠪᠠᠷᠢᠮᠵᠢᠶ᠎ᠠ᠂ ᠢᠲᠡᠭᠡᠮᠵᠢ ᠶᠢᠨ ᠬᠢᠵᠠᠭᠠᠷᠯᠠᠯ᠂ ᠶᠡᠷᠦᠩᠬᠡᠶᠢᠯᠡᠭᠰᠡᠨ ᠵᠠᠰᠠᠯᠲᠠ᠂ ᠬᠡᠷᠡᠭᠯᠡᠭᠡ ᠶᠢᠨ ᠡᠷᠬᠡ ᠶᠢᠨ ᠬᠠᠮᠠᠭᠠᠯᠠᠯᠲᠠ ᠵᠡᠷᠭᠡ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠤᠯᠠᠨ ᠲᠦᠮᠡᠨ ᠤ ᠲᠤᠰᠬᠠᠯ ᠶᠡᠬᠡᠲᠡᠢ ᠲᠣᠪᠤᠶᠢᠮ᠎ᠠ ᠠᠰᠠᠭᠤᠳᠠᠯ ᠤᠳ ᠢ ᠬᠦᠴᠦᠯᠡᠨ ᠰᠢᠢᠳᠪᠦᠷᠢᠯᠡᠵᠦ᠂ ᠬᠡᠷᠡᠭᠯᠡᠭᠡ ᠶᠢᠨ ᠠᠮᠤᠷ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠬᠤ ᠬᠡᠷᠡᠭᠲᠡᠢ ᠭᠡᠵᠦ ᠵᠢᠭᠠᠨ ᠭᠠᠷᠭᠠᠪᠠ᠃     ᠬᠤᠷᠠᠯᠳᠤᠭᠠᠨ ᠢᠶᠠᠷ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠠᠵᠢᠯ ᠣᠯᠭᠤᠬᠤ᠂ ᠭᠠᠳᠠᠭᠠᠳᠤ ᠭᠠᠷᠭᠠᠯᠲᠠ ᠶᠢ ᠲᠣᠭᠲᠠᠪᠤᠷᠢᠵᠢᠭᠤᠯᠬᠤ᠂ ᠠᠵᠤ ᠦᠢᠯᠡᠰ ᠤᠨ ᠲᠡᠰ ᠳᠡᠪᠰᠢᠬᠦ ᠶᠢ ᠠᠬᠢᠭᠤᠯᠬᠤ ᠵᠡᠷᠭᠡ ᠲᠠᠯ᠎ᠠ ᠪᠠᠷ ᠴᠥᠮ ᠴᠢᠬᠤᠯᠠ ᠦᠢᠯᠡᠳᠦᠯ ᠲᠠᠢ ᠪᠠᠶᠢᠳᠠᠭ ᠪᠣᠯᠬᠤᠷ ᠨᠡᠩ ᠤᠯᠠᠨ ᠪᠣᠳᠠᠲᠠᠢ ᠶᠢ ᠡᠷᠬᠢᠮᠯᠡᠭᠰᠡᠨ ᠪᠦᠲᠦᠮᠵᠢᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠦᠯᠡᠳᠡᠭᠡᠯ ᠢ ᠲᠣᠭᠲᠠᠪᠤᠷᠢᠵᠢᠭᠤᠯᠵᠤ᠂ ᠨᠡᠮᠡᠭᠳᠡᠯ ᠢ ᠥᠷᠭᠡᠳᠬᠡᠬᠦ ᠬᠡᠷᠡᠭᠲᠡᠢ᠃ ᠪᠡᠶ᠎ᠡ ᠪᠠᠨ ᠳᠠᠭᠠᠭᠠᠵᠤ ᠨᠡᠭᠡᠭᠡᠯᠲᠡ ᠬᠢᠬᠦ ᠶᠢ ᠡᠮᠬᠢ ᠵᠢᠷᠤᠮ ᠲᠠᠢ ᠪᠠᠷ ᠥᠷᠭᠡᠳᠬᠡᠵᠦ᠂ ᠬᠠᠮᠢᠶ᠎ᠠ ᠪᠦᠬᠦᠢ ᠬᠦᠷᠢᠶ᠎ᠡ ᠴᠠᠷᠠᠭᠠᠨ ᠤ ᠨᠡᠭᠡᠭᠡᠯᠲᠡ ᠬᠢᠬᠦ ᠲᠤᠷᠰᠢᠯᠲᠠ ᠶᠢ ᠭᠦᠨᠵᠡᠭᠡᠶᠢᠷᠡᠭᠦᠯᠵᠦ᠂ ᠦᠢᠯᠡᠳᠬᠦ ᠦᠢᠯᠡᠰ ᠤᠨ ᠬᠦᠷᠢᠶᠡᠨ ᠳᠠᠬᠢ ᠭᠠᠳᠠᠭᠠᠳᠤ ᠪᠡᠯᠡ ᠶᠢᠨ ᠵᠥᠪᠰᠢᠶᠡᠷᠡᠨ ᠣᠷᠣᠬᠤ ᠬᠢᠵᠠᠭᠠᠷᠯᠠᠯ ᠢ ᠪᠦᠬᠦ ᠲᠠᠯ᠎ᠠ ᠪᠠᠷ ᠬᠦᠴᠦᠨ ᠦᠭᠡᠢ ᠪᠣᠯᠭᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠤᠯᠤᠰ ᠤᠨ ᠦᠢᠯᠡᠴᠢᠯᠡᠭᠡᠨ ᠤ ᠦᠢᠯᠡᠰ ᠤᠨ ᠨᠡᠭᠡᠭᠡᠯᠲᠡ ᠶᠢ ᠥᠷᠭᠡᠳᠬᠡᠬᠦ ᠲᠠᠯ᠎ᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠵᠢᠱᠢᠶ᠎ᠡ ᠦᠵᠡᠭᠦᠯᠬᠦ ᠠᠵᠢᠯ ᠢ ᠰᠢᠯᠢᠳᠡᠭᠵᠢᠭᠦᠯᠵᠦ᠂ ᠭᠠᠳᠠᠭᠠᠳᠤ ᠶᠢᠨ ᠬᠤᠳᠠᠯᠳᠤᠭᠠᠴᠢᠳ ᠢ ᠵᠣᠷᠢᠭᠵᠢᠭᠤᠯᠵᠤ ᠠᠵᠤ ᠦᠢᠯᠡᠰ ᠲᠤ ᠪᠡᠯᠡ ᠣᠷᠣᠭᠤᠯᠬᠤ ᠬᠡᠪᠴᠢᠶ᠎ᠡ ᠶᠢ ᠥᠷᠭᠡᠳᠬᠡᠬᠦ ᠬᠡᠷᠡᠭᠲᠡᠢ᠃ ︽ᠳᠤᠮᠳᠠᠳᠤ ᠤᠯᠤᠰ ᠲᠤ ᠪᠡᠯᠡ ᠣᠷᠣᠭᠤᠯᠬᠤ︾ ᠨᠡᠷᠡᠲᠦ ᠲᠡᠮᠳᠡᠭ ᠢ ᠦᠷᠭᠦᠯᠵᠢᠯᠡᠨ ᠴᠣᠭᠴᠠᠯᠠᠵᠤ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠬᠢᠯᠢ ᠶᠢᠨ ᠳᠣᠲᠣᠷᠠᠬᠢ ᠲᠠᠬᠢᠨᠲᠠ ᠪᠡᠯᠡ ᠣᠷᠣᠭᠤᠯᠬᠤ ᠶᠢ ᠨᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠭᠠᠳᠠᠭᠠᠳᠤ ᠪᠡᠯᠡ ᠶᠢᠨ ᠬᠢᠨ ᠤ ᠳᠤᠮᠳᠠᠳᠤ ᠤᠯᠤᠰ ᠲᠤ ᠰᠲ᠋ᠣᠺ ᠤᠨ ᠡᠷᠬᠡ ᠶᠢᠨ ᠪᠡᠯᠡ ᠣᠷᠣᠭᠤᠯᠤᠯᠲᠠ ᠥᠷᠨᠢᠭᠦᠯᠬᠦ ᠶᠢ ᠵᠣᠷᠢᠭᠵᠢᠭᠤᠯᠵᠤ᠂ ᠭᠠᠳᠠᠭᠠᠳᠤ ᠪᠡᠯᠡ ᠶᠢᠨ ᠨᠡᠶᠢᠯᠡᠭᠦᠯᠵᠦ ᠬᠤᠳᠠᠯᠳᠤᠨ ᠠᠪᠬᠤ ᠳᠦᠷᠢᠮ ᠪᠠ ᠨᠡᠶᠢᠯᠡᠭᠦᠯᠵᠦ ᠬᠤᠳᠠᠯᠳᠤᠨ ᠠᠪᠴᠤ ᠠᠷᠠᠯᠵᠢᠶᠠᠯᠠᠬᠤ ᠳᠡᠰ ᠳᠠᠷᠠᠭᠠᠯᠠᠯ ᠢ ᠰᠢᠯᠢᠳᠡᠭᠵᠢᠭᠦᠯᠬᠦ ᠬᠡᠷᠡᠭᠲᠡᠢ᠃ ᠵᠠᠰᠠᠭ ᠤᠨ ᠣᠷᠳᠣᠨ ᠤ ᠬᠤᠳᠠᠯᠳᠤᠨ ᠠᠪᠬᠤ ᠵᠡᠷᠭᠡ ᠠᠵᠢᠯ ᠤᠨ ᠳᠤᠮᠳᠠ ᠳᠣᠲᠣᠭᠠᠳᠤ ᠭᠠᠳᠠᠭᠠᠳᠤ ᠪᠡᠯᠡ ᠶᠢᠨ ᠠᠵᠤ ᠠᠬᠤᠶᠢᠯᠠᠯ ᠳᠤ ᠠᠳᠠᠯᠢ ᠲᠡᠭᠰᠢ ᠪᠠᠷ ᠬᠠᠨᠳᠤᠬᠤ ᠶᠢ ᠪᠡᠶᠡᠯᠡᠭᠦᠯᠵᠦ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠤᠳ ᠤᠨ ᠪᠡᠯᠡ ᠲᠣᠬᠢᠷᠠᠭᠤᠯᠬᠤ ᠠᠷᠭ᠎ᠠ ᠵᠠᠮ ᠢ ᠥᠷᠭᠡᠳᠬᠡᠨ᠂ ᠮᠡᠳᠡᠯᠭᠡ ᠶᠢᠨ ᠥᠮᠴᠢᠯᠡᠬᠦ ᠡᠷᠬᠡ ᠶᠢ ᠬᠠᠮᠠᠭᠠᠯᠠᠬᠤ ᠡᠷᠴᠢᠮ ᠢ ᠨᠢ ᠴᠢᠩᠭᠠᠷᠠᠭᠤᠯᠬᠤ ᠬᠡᠷᠡᠭᠲᠡᠢ᠃ ᠭᠠᠳᠠᠭᠠᠳᠤ ᠪᠡᠯᠡ ᠶᠢᠨ ᠲᠦᠷᠦᠯ ᠵᠦᠢᠯ ᠳᠤ ᠦᠢᠯᠡᠴᠢᠯᠡᠵᠦ ᠪᠠᠲᠤᠯᠠᠬᠤ ᠠᠵᠢᠯ ᠢ ᠰᠠᠶᠢᠲᠤᠷ ᠬᠢᠵᠦ᠂ ᠬᠢᠯᠢ ᠪᠠᠷ ᠣᠷᠣᠵᠤ ᠭᠠᠷᠬᠤ᠂ ᠰᠠᠭᠤᠷᠢᠰᠢᠬᠤ ᠪᠠ ᠲᠦᠷ ᠰᠠᠭᠤᠬᠤ ᠵᠡᠷᠭᠡ ᠲᠠᠯ᠎ᠠ ᠪᠠᠷ ᠭᠠᠳᠠᠭᠠᠳᠤ ᠶᠢᠨ ᠠᠵᠤ ᠠᠬᠤᠶᠢᠯᠠᠯ ᠤᠨ ᠬᠥᠮᠥᠰ ᠤᠨ ᠶᠠᠪᠤᠵᠤ ᠰᠠᠭᠤᠬᠤ ᠳᠤ ᠨᠡᠩ ᠳᠦᠭᠦᠮᠯᠡᠬᠦ ᠬᠡᠷᠡᠭᠲᠡᠢ ᠬᠡᠮᠡᠨ ᠵᠢᠭᠠᠵᠤ ᠭᠠᠷᠭᠠᠪᠠ᠃     ᠬᠤᠷᠠᠯᠳᠤᠭᠠᠨ ᠢᠶᠠᠷ᠂ ᠬᠠᠩᠭᠠᠯᠭ᠎ᠠ ᠬᠡᠷᠡᠭᠴᠡᠭᠡ ᠬᠤᠶᠠᠷ ᠲᠠᠯ᠎ᠠ ᠠᠴᠠ ᠬᠦᠴᠦᠯᠡᠬᠦ ᠶᠢ ᠪᠠᠷᠢᠮᠲᠠᠯᠠᠵᠤ᠂ ᠦᠩᠭᠡᠨ ᠲᠠᠯ᠎ᠠ ᠪᠠ ᠦᠨᠳᠦᠰᠦ ᠠᠴᠠ ᠨᠢ ᠵᠠᠰᠠᠵᠤ ᠪᠠᠶᠢᠭᠠᠳ ᠭᠤᠣᠯᠳᠠᠯᠭ᠎ᠠ ᠪᠣᠯᠬᠤ ᠠᠵᠤ ᠦᠢᠯᠡᠰ ᠤᠨ ᠪᠦᠲᠦᠴᠡ ᠶᠢᠨ ᠴᠢᠨᠠᠷᠲᠠᠢ ᠵᠥᠷᠢᠴᠡᠯ ᠵᠡᠷᠭᠡ ᠠᠰᠠᠭᠤᠳᠠᠯ ᠢ ᠰᠢᠢᠳᠪᠦᠷᠢᠯᠡᠨ᠂ ᠠᠵᠤ ᠦᠢᠯᠡᠰ ᠤᠨ ᠡᠷᠡᠭᠦᠯ ᠢᠶᠠᠷ ᠬᠥᠭᠵᠢᠬᠦ ᠪᠠ ᠴᠢᠨᠠᠷ ᠴᠢᠨᠰᠠᠭ᠎ᠠ ᠪᠠᠨ ᠰᠠᠶᠢᠵᠢᠷᠠᠭᠤᠯᠤᠨ ᠲᠡᠰ ᠳᠡᠪᠰᠢᠬᠦ ᠶᠢ ᠨᠢ ᠠᠬᠢᠭᠤᠯᠬᠤ ᠬᠡᠷᠡᠭᠲᠡᠢ᠃ ᠠᠵᠤ ᠦᠢᠯᠡᠰ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠪᠠᠷᠢᠮᠵᠢᠶ᠎ᠠ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠨᠡᠶᠢᠳᠬᠡᠵᠦ ᠳᠠᠬᠢᠨᠲᠠ ᠵᠣᠬᠢᠶᠠᠨ ᠪᠠᠶᠢᠭᠤᠯᠬᠤ ᠶᠢ ᠠᠬᠢᠭᠤᠯᠵᠤ᠂ ᠬᠤᠴᠣᠷᠤᠩᠭᠤᠢ ᠪᠥᠭᠡᠳ ᠦᠷ᠎ᠡ ᠠᠰᠢᠭ ᠢᠶᠠᠷ ᠳᠣᠣᠷ᠎ᠠ ᠦᠢᠯᠡᠳᠪᠦᠷᠢᠯᠡᠬᠦ ᠴᠢᠳᠠᠮᠵᠢ ᠶᠢᠨ ᠵᠠᠬ᠎ᠠ ᠳᠡᠯᠭᠡᠭᠦᠷ ᠠᠴᠠ ᠪᠤᠴᠠᠵᠤ ᠭᠠᠷᠬᠤ ᠶᠢ ᠨᠢ ᠠᠬᠢᠭᠤᠯᠵᠤ᠂ ᠳᠡᠭᠡᠳᠦ ᠲᠡᠰ ᠤᠨ ᠦᠢᠯᠡᠳᠪᠦᠷᠢᠯᠡᠬᠦ ᠴᠢᠳᠠᠮᠵᠢ ᠶᠢᠨ ᠬᠠᠩᠭᠠᠯᠭ᠎ᠠ ᠶᠢ ᠨᠡᠮᠡᠭᠳᠡᠭᠦᠯᠬᠦ ᠬᠡᠷᠡᠭᠲᠡᠢ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠰᠢᠯᠢᠳᠡᠭᠵᠢᠭᠦᠯᠵᠦ᠂ ᠠᠵᠢᠯ ᠲᠦᠷᠦᠯ ᠤᠨ ᠥᠪᠡᠷ ᠢ ᠪᠠᠨ ᠱᠠᠭᠠᠷᠳᠠᠬᠤ ᠶᠢ ᠨᠢ ᠴᠢᠩᠭᠠᠳᠬᠠᠵᠤ᠂ ᠭᠤᠣᠯᠴᠢ ᠪᠠᠷ ᠥᠷᠢᠰᠦᠯᠳᠦᠬᠦ᠂ ᠰᠢᠯᠢᠳᠡᠭ ᠨᠢ ᠰᠢᠯᠢᠭᠳᠡᠵᠦ ᠰᠢᠭᠠᠷᠤ ᠨᠢ ᠰᠢᠭᠰᠢᠭᠳᠡᠬᠦ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠲᠤ ᠪᠠᠷ ᠬᠠᠮᠠᠭᠠᠯᠠᠬᠤ ᠬᠡᠷᠡᠭᠲᠡᠢ ᠬᠡᠮᠡᠨ ᠵᠢᠭᠠᠵᠤ ᠭᠠᠷᠭᠠᠪᠠ᠃     ᠬᠤᠷᠠᠯᠳᠤᠭᠠᠨ ᠢᠶᠠᠷ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠬᠥᠭᠵᠢᠯᠲᠡ ᠶᠢᠨ ᠲᠥᠯᠦᠪᠵᠢᠭᠦᠯᠭᠡ ᠶᠢᠨ ᠬᠠᠤᠯᠢ ︵ᠲᠥᠰᠥᠯ︶︾ ᠶᠢ ᠶᠠᠷᠢᠯᠴᠠᠭᠠᠳ ᠵᠠᠷᠴᠢᠮ ᠤᠨ ᠲᠠᠯ᠎ᠠ ᠪᠠᠷ ᠪᠠᠲᠤᠯᠠᠨ᠂ ᠲᠥᠰᠥᠯ ᠢ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠳᠡᠪᠰᠢᠭᠦᠯᠵᠦ ᠬᠢᠨᠠᠨ ᠵᠥᠪᠯᠡᠭᠦᠯᠬᠦ ᠪᠠᠷ ᠲᠣᠭᠲᠠᠪᠠ᠃ ᠬᠤᠷᠠᠯᠳᠤᠭᠠᠨ ᠢᠶᠠᠷ᠂ ᠤᠯᠤᠰ ᠤᠨ ᠬᠥᠭᠵᠢᠯᠲᠡ ᠶᠢᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠤᠨ ᠰᠢᠨᠵᠢᠯᠡᠬᠦ ᠤᠬᠠᠭᠠᠨᠴᠢᠯᠠᠬᠤ᠂ ᠠᠷᠠᠳᠴᠢᠯᠠᠬᠤ᠂ ᠬᠠᠤᠯᠢᠵᠢᠭᠤᠯᠬᠤ᠂ ᠵᠢᠷᠤᠮᠵᠢᠭᠤᠯᠬᠤ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠯᠤᠰ ᠤᠨ ᠬᠥᠭᠵᠢᠯᠲᠡ ᠶᠢᠨ ᠲᠥᠯᠦᠪᠵᠢᠭᠦᠯᠭᠡ ᠶᠢᠨ ᠪᠠᠶᠢᠯᠳᠤᠬᠤ ᠪᠣᠳᠣᠯᠭ᠎ᠠ ᠶᠢᠨ ᠤᠳᠤᠷᠢᠳᠤᠮᠵᠢ ᠶᠢᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ ᠬᠡᠮᠡᠨ ᠵᠢᠭᠠᠵᠤ ᠭᠠᠷᠭᠠᠪᠠ᠃     ᠬᠤᠷᠠᠯᠳᠤᠭᠠᠨ ᠢᠶᠠᠷ ᠪᠠᠰᠠ ᠪᠤᠰᠤᠳ ᠵᠦᠢᠯᠡᠰ ᠢ ᠰᠤᠳᠤᠯᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2