| | 2 ᠰᠠᠷ᠎ᠠ ᠶᠢᠨ 11 ᠤ ᠡᠳᠦᠷ᠂ ᠲᠣᠭᠤᠷᠢᠭ ᠤᠨ ᠨᠣᠮ ᠤᠨ ᠰᠠᠩ ᠭᠡᠷᠡᠯ ᠭᠢᠯᠪᠠᠭ᠎ᠠ ᠪᠠᠨ ᠰᠠᠴᠤᠷᠠᠭᠤᠯᠵᠤ᠂ | ᠶᠡᠷᠦ ᠪᠤᠰᠤ ᠶᠢᠨ ᠬᠦᠷ ᠬᠥᠭᠵᠢᠶᠡᠨ ᠢᠶᠠᠷ ᠪᠢᠯᠬᠠᠵᠤ᠂ ᠤᠯᠠᠮᠵᠢᠯᠠᠯᠲᠤ ᠰᠣᠶᠣᠯ ᠤᠨ ᠠᠭᠤᠷ ᠠᠮᠢᠰᠬᠤᠯ ᠢᠶᠠᠷ | ᠪᠢᠯᠬᠠᠭᠰᠠᠨ ᠳ᠋ᠧᠩ ᠤᠨ ᠣᠨᠢᠰᠤᠭ᠎ᠠ ᠲᠠᠭᠠᠬᠤ ᠠᠵᠢᠯᠯᠠᠭ᠎ᠠ ᠠᠳᠡ ᠪᠠᠶᠠᠷ ᠬᠥᠷ ᠲᠠᠢ ᠶᠠᠪᠤᠭᠳᠠᠵᠤ᠂ ᠮᠠᠰᠢ ᠣᠯᠠᠨ | ᠬᠤᠲᠠ ᠶᠢᠨ ᠠᠷᠠᠳ ᠢᠳᠡᠪᠬᠢᠲᠡᠶ ᠪᠠᠷ ᠣᠷᠣᠯᠴᠠᠵᠤ᠂ ᠤᠯᠠᠮᠵᠢᠯᠠᠯᠲᠤ ᠪᠠᠶᠠᠷ ᠤᠨ ᠡᠳᠦᠷ ᠤᠨ ᠥᠪᠡᠷᠮᠢᠴᠡ ᠷᠢᠳᠢ | ᠰᠢᠳᠢ ᠶᠢ ᠬᠠᠮᠲᠤ ᠪᠠᠷ ᠮᠡᠳᠡᠷᠡᠪᠡ᠃ | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠦᠩᠭᠡ ᠢᠯᠭᠠᠷᠠᠭᠰᠠᠨ ᠳ᠋ᠧᠩᠯᠦ ᠦᠨᠳᠦᠷ ᠲᠤ ᠡᠯᠭᠦᠭᠳᠡᠵᠦ᠂ | ᠪᠠᠶᠠᠷ ᠤᠨ ᠳ᠋ᠧᠩ ᠤᠨ ᠣᠨᠢᠰᠤᠭ᠎ᠠ ᠰᠠᠯᠬᠢᠨ ᠤ ᠠᠶ᠎ᠠ ᠪᠠᠷ ᠨᠠᠮᠢᠷᠠᠨ᠎ᠠ᠃ ᠬᠤᠲᠠ ᠶᠢᠨ ᠠᠷᠠᠳ ᠣᠨᠢᠰᠤᠭ᠎ᠠ ᠳᠠᠭᠠᠬᠤ | ᠳᠤ ᠰᠦᠯᠵᠢᠯᠳᠦᠵᠦ᠂ ᠣᠨᠢᠰᠤᠭ᠎ᠠ ᠶᠢᠨ ᠨᠢᠭᠤᠴᠠ ᠶᠢ ᠨᠠᠷᠢᠨ ᠬᠢᠨᠠᠮᠠᠭᠠᠶ ᠪᠣᠳᠣᠯᠬᠢᠯᠠᠵᠤ᠂ ᠬᠠᠮᠲᠤ ᠪᠠᠷ | ᠬᠠᠷᠢᠭᠤᠯᠲᠠ ᠶᠢ ᠰᠤᠳᠤᠯᠤᠨ ᠶᠠᠷᠢᠯᠴᠠᠪᠠ᠃ ᠲᠤᠬᠠᠶ ᠶᠢᠨ ᠲᠠᠯᠠᠪᠠᠶ ᠳᠤ ᠪᠠᠰᠠ ᠡᠯᠪᠡᠭ ᠪᠠᠶᠠᠯᠢᠭ ᠱᠠᠩᠨᠠᠯ ᠭᠠᠷᠭᠠᠵᠤ᠂ | ᠳ᠋ᠧᠩ ᠤᠨ ᠣᠨᠢᠰᠤᠭ᠎ᠠ ᠳᠤ ᠣᠷᠣᠯᠴᠠᠭᠰᠠᠳ ᠲᠤ ᠪᠠᠶᠠᠷ ᠪᠠᠶᠠᠰᠬᠤᠯᠠᠩ ᠲᠠᠢ ᠪᠠᠷ ᠱᠠᠩᠨᠠᠯ ᠠᠪᠴᠤ᠂ ᠪᠠᠶᠠᠷ | ᠪᠠᠭ᠋ᠠᠳᠤᠯᠲᠤ ᠰᠡᠳᠬᠢᠯᠭᠡ ᠪᠠᠷ ᠪᠢᠯᠬᠠᠪᠠ᠃ | ᠲᠣᠰ ᠤᠳᠠᠭᠠᠨ ᠤ ᠳ᠋ᠧᠩ ᠤᠨ ᠣᠨᠢᠰᠤᠭ᠎ᠠ ᠲᠠᠭᠠᠬᠤ ᠰᠡᠳᠦᠪ ᠨᠢ ᠥᠷᠭᠡᠨ ᠳᠡᠯᠭᠡᠷ᠂ ᠠᠭᠤᠯᠭ᠎ᠠ ᠨᠢ ᠪᠠᠶᠠᠯᠢᠭ | ᠪᠠᠶᠢᠵᠤ᠂ ᠲᠡᠤᠬᠡ ᠰᠣᠶᠣᠯ᠂ ᠰᠢᠯᠦᠭ ᠳᠠᠭᠤᠯᠠᠯ᠂ ᠠᠮᠢᠳᠤᠷᠠᠯ ᠤᠨ ᠶᠡᠷᠦ ᠶᠢᠨ ᠮᠡᠳᠡᠯᠭᠡ᠂ ᠥᠰᠥᠭ ᠤᠨ ᠣᠨᠢᠰᠤᠭ᠎ᠠ᠂ | ᠬᠡᠪᠰᠢᠮᠡᠯ ᠦᠭᠡ ᠵᠡᠷᠭᠡ ᠣᠯᠠᠨ ᠬᠦᠷᠢᠶ᠎ᠡ ᠶᠢ ᠬᠠᠮᠤᠷᠴᠤ᠂ ᠮᠡᠳᠡᠯᠭᠡ ᠶᠢᠨ ᠴᠢᠨᠠᠷ ᠪᠠ ᠰᠣᠨᠢᠷᠬᠠᠯᠲᠤ ᠴᠢᠨᠠᠷ ᠲᠠᠢ | ᠪᠠᠶᠢᠳᠠᠭ᠃ | ᠲᠣᠰ ᠤᠳᠠᠭᠠᠨ ᠤ ᠠᠵᠢᠯᠯᠠᠭ᠎ᠠ ᠨᠢ ᠬᠤᠶᠠᠷ ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ ᠲᠣᠭᠤᠷᠢᠭ ᠤᠨ | ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ ᠵᠢᠯᠣᠭᠤᠳᠴᠤ᠂ ᠲᠣᠭᠤᠷᠢᠭ ᠤᠨ ᠰᠣᠶᠣᠯ ᠵᠢᠭᠤᠯᠴᠢᠯᠠᠯ | ᠪᠡᠶ᠎ᠡ ᠶᠢᠨ ᠲᠠᠮᠢᠷ ᠤᠨ ᠲᠣᠪᠴᠢᠶ᠎ᠠ᠂ ᠬᠤᠲᠠ ᠶᠢᠨ ᠰᠢᠨᠬᠤᠸᠠ ᠨᠣᠮ ᠤᠨ ᠳᠡᠯᠭᠡᠭᠦᠷ ᠠᠴᠠ ᠭᠤᠤᠯᠯᠠᠨ ᠡᠷᠭᠢᠯᠡᠵᠦ᠂ | ᠲᠣᠭᠤᠷᠢᠭ ᠤᠨ ᠨᠣᠮ ᠤᠨ ᠰᠠᠩ᠂ ᠴᠠ ᠬᠠᠨ ᠶᠢᠩ ᠴᠠᠰᠤᠨ ᠳᠤ ᠭᠤᠯᠭᠤᠬᠤ ᠲᠠᠯᠠᠪᠠᠶ᠂ ᠪᠢᠨ ᠾᠧ ᠡᠷᠡᠬᠦᠯᠵᠢᠯ | ᠰᠤᠪᠢᠯᠠᠯᠳᠠ ᠵᠢᠭᠤᠯᠴᠢᠯᠠᠯ ᠤᠨ ᠠᠮᠠᠷᠠᠯᠲᠠ ᠶᠢᠨ ᠣᠷᠣᠨ ᠤ ᠬᠢᠨ ᠬᠠᠮᠵᠢᠯᠴᠠᠨ ᠡᠷᠭᠢᠯᠡᠵᠦ᠂ ᠰᠤᠷᠭᠠᠨ ᠬᠥᠮᠦᠵᠢᠯ ᠢ | ᠪᠠᠶᠠᠷ ᠴᠡᠩᠭᠡᠯ ᠲᠠᠢ ᠪᠠᠶᠢᠯᠭᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠤᠲᠠ ᠶᠢᠨ ᠠᠷᠠᠳ ᠤᠨ ᠣᠶᠤᠨ ᠰᠠᠨᠠᠭ᠎ᠠ | ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠣᠯᠠᠨ ᠢ ᠪᠠᠶᠠᠷ ᠬᠥᠷ ᠲᠠᠢ ᠥᠯᠵᠡᠶ ᠪᠡᠯᠭᠡ ᠲᠠᠢ ᠠᠭᠤᠷ | ᠠᠮᠢᠰᠬᠤᠯ ᠤᠨ ᠳᠤᠮᠳᠠ ᠮᠠᠷᠲᠠᠭᠳᠠᠰᠢ ᠥᠬᠡᠶ ᠴᠠᠭᠠᠨ ᠰᠠᠷ᠎ᠡ ᠶᠢᠨ ᠠᠷᠪᠠᠨ ᠳᠠᠪᠤᠨ ᠤ ᠪᠠᠶᠠᠷ ᠢ ᠥᠩᠭᠡᠷᠡᠭᠦᠯᠬᠦ ᠶᠢᠨ | ᠲᠥᠯᠥᠭᠡ ᠶᠤᠮ᠃ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ |