2 ᠰᠠᠷ᠎ᠠ ᠶᠢᠨ 12 ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ | ᠳᠠᠷᠤᠭ᠎ᠠ ᠴᠢ ᠹᠸᠢ ᠶᠦᠨ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠵᠢᠴᠢ ᠬᠤᠲᠠ ᠶᠢᠨ | ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠪᠥᠬᠦᠳᠡ ᠬᠤᠷᠠᠯ ᠢ ᠡᠷᠭᠢᠯᠡᠨ ᠬᠤᠷᠠᠯᠳᠤᠭᠤᠯᠵᠤ᠂ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠬᠠᠤᠯᠢ︾ ᠶᠢ | ᠭᠦᠨᠵᠡᠭᠡᠶ ᠰᠤᠷᠤᠯᠴᠠᠵᠤ᠂ ᠶᠡᠷᠦᠩᠬᠡᠶ ᠱᠦᠵᠢ ᠰᠢ ᠶᠢᠨ ᠫᠢᠩ ᠤᠨ ᠰᠧᠴᠤᠸᠠᠨ ᠤ ᠢ ᠪᠢᠨ ᠬᠤᠲᠠ ᠶᠢᠨ ᠶᠦᠨ | ᠯᠢᠶᠠᠨ ᠰᠢᠶᠠᠨ ᠤ ᠠᠭᠤᠯᠠ ᠶᠡᠭᠦᠷᠡᠭᠰᠡᠨ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ | ᠶᠡᠷᠦᠩᠬᠡᠶ ᠰᠠᠶᠢᠳ ᠯᠢ ᠴᠢᠶᠠᠩ ᠤᠨ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ | 2024 ᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠪᠠᠶᠢᠳᠠᠯ ᠤᠨ ᠲᠤᠬᠠᠶ | ᠮᠡᠳᠡᠭᠦᠯᠦᠯᠲᠡ︾ ᠶᠢ ᠰᠣᠨᠣᠰᠴᠤ᠂ ︽ᠤᠯᠠᠭᠠᠨᠴᠠᠪ ᠬᠤᠲᠠ ᠶᠢᠨ ᠰᠤᠷᠭᠠᠨ ᠬᠥᠮᠦᠵᠢᠯ ᠤᠨ ᠬᠦᠴᠦᠷᠬᠡᠭ ᠬᠤᠲᠠ ᠶᠢ | ᠲᠦᠷᠭᠡᠳᠬᠡᠨ ᠪᠠᠶᠢᠭᠤᠯᠬᠤ ᠬᠡᠷᠡᠭᠵᠢᠭᠦᠯᠬᠦ ᠲᠥᠰᠦᠯ︾ ᠢ ᠬᠢᠨᠠᠨ ᠵᠥᠪᠯᠡᠵᠦ᠂ ᠲᠠᠷᠠᠭᠠᠴᠢ ᠶᠢᠨ ᠠᠯᠬᠤᠮ ᠤᠨ ᠠᠵᠢᠯ ᠢ | ᠲᠣᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ᠂ ᠠᠶᠤᠯᠭᠦᠢ ᠦᠢᠯᠡᠳᠪᠦᠷᠢᠯᠡᠯ ᠨᠢ ᠠᠷᠠᠳ ᠲᠦᠮᠡᠨ ᠤ ᠪᠤᠶᠠᠨ ᠵᠢᠷᠭᠠᠯ ᠲᠠᠢ ᠬᠤᠯᠪᠣᠭᠳᠠᠵᠤ᠂ | ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠲᠠᠢ ᠬᠤᠯᠪᠣᠭᠳᠠᠨ᠎ᠠ᠃ ᠡᠯ᠎ᠡ ᠱᠠᠳᠤ ᠡᠯ᠎ᠡ ᠰᠠᠯᠠᠭ᠎ᠠ | ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠰᠧᠴᠤᠸᠠᠨ ᠤ ᠢ ᠪᠢᠨ ᠬᠤᠳᠠ ᠶᠢᠨ ᠶᠦᠨ ᠯᠢᠶᠠᠨ | ᠰᠢᠶᠠᠨ ᠤ ᠠᠭᠤᠯᠠ ᠶᠡᠭᠦᠷᠡᠭᠰᠡᠨ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠶᠡᠷᠦᠩᠬᠡᠢ | ᠰᠠᠶᠢᠳ ᠯᠢ ᠴᠢᠶᠠᠩ ᠤᠨ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ | ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠮᠤᠷ ᠲᠦᠪᠰᠢᠨ ᠢ ᠪᠠᠲᠤᠯᠠᠬᠤ᠂ ᠲᠣᠭᠲᠠᠭᠤᠨ ᠢ ᠬᠠᠮᠠᠭᠠᠯᠠᠬᠤ ᠡᠯ᠎ᠡ | ᠵᠦᠢᠯ ᠤᠨ ᠠᠵᠢᠯ ᠢ ᠪᠦᠬᠦ ᠲᠠᠯ᠎ᠠ ᠪᠠᠷ ᠰᠠᠶᠢᠲᠤᠷ ᠠᠳᠬᠤᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ | ᠠᠮᠤᠷ ᠲᠦᠪᠰᠢᠨ ᠪᠣᠯᠤᠨ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠦᠨᠡᠨ ᠬᠦ ᠪᠠᠲᠤᠯᠠᠬᠤ ᠬᠡᠷᠡᠭᠲᠡᠢ᠃ | ᠭᠠᠵᠠᠷ ᠤᠨ ᠭᠠᠶ ᠭᠠᠮᠰᠢᠭ ᠤᠨ ᠳᠠᠯᠳᠠ ᠬᠡᠮ ᠤᠨ ᠴᠡᠭ ᠢ ᠵᠢᠭᠰᠠᠭᠠᠨ ᠪᠠᠶᠢᠴᠠᠭᠠᠵᠤ ᠰᠢᠢᠳᠪᠦᠷᠢᠯᠡᠬᠦ ᠪᠠ ᠬᠥᠳᠡᠯᠦᠩᠭᠦᠶ | ᠬᠠᠮᠢᠶᠠᠷᠤᠯᠲᠠ ᠶᠢ ᠰᠠᠶᠢᠲᠤᠷ ᠬᠢᠵᠦ᠂ ᠠᠭᠤᠷᠬᠠᠶ᠂ ᠠᠶᠤᠯᠲᠠᠶ ᠬᠥᠲᠥᠯ᠂ ᠤᠰᠤᠨ ᠴᠥᠭᠦᠷᠥᠮ᠂ ᠭᠤᠤᠯ ᠤᠨ ᠵᠠᠮ᠂ | ᠴᠢᠮᠡᠭᠡ ᠬᠤᠯᠪᠣᠭᠠᠨ ᠤ ᠲᠥᠬᠦᠭᠡᠷᠦᠮᠵᠢ ᠶᠢᠨ ᠡᠷᠬᠢᠨ ᠲᠣᠭᠤᠷᠢᠨ ᠵᠢᠴᠢ ᠭᠠᠵᠠᠷ ᠳᠣᠤᠷᠠᠬᠢ ᠪᠠᠶᠢᠭᠤᠯᠵᠤ ᠪᠠᠶᠢᠭ᠎ᠠ | ᠪᠠᠷᠢᠯᠭ᠎ᠠ ᠵᠡᠷᠭᠡ ᠭᠤᠤᠯᠳᠠᠯᠭ᠎ᠠ ᠲᠠᠢ ᠣᠷᠣᠨ ᠪᠠᠶᠢᠷᠢ ᠶᠢ ᠴᠢᠩᠭ᠎ᠠ ᠠᠩᠬᠠᠷᠴᠤ᠂ ᠭᠤᠤᠯᠳᠠᠯᠭ᠎ᠠ ᠲᠠᠢ ᠠᠷᠭ᠎ᠠ | ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠲᠣᠪᠤᠶᠢᠮ᠎ᠠ ᠠᠰᠠᠭᠤᠳᠠᠯ ᠢ ᠬᠠᠨᠳᠤᠯᠭᠠᠲᠤ ᠴᠢᠨᠠᠷᠲᠠᠶ ᠪᠠᠷ | ᠰᠢᠢᠳᠪᠦᠷᠢᠯᠡᠵᠦ᠂ ᠭᠠᠵᠠᠷ ᠤᠨ ᠭᠠᠶ ᠭᠠᠮᠰᠢᠭ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠴᠢᠳᠠᠪᠤᠷᠢ ᠪᠠ ᠬᠢᠷᠢ | ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠬᠠᠤᠯᠢᠵᠢᠯ ᠤᠨ ᠡᠵᠡᠩᠨᠡᠯᠲᠡ ᠶᠢᠨ ᠣᠷᠴᠢᠨ | ᠲᠣᠭᠤᠷᠢᠨ ᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠬᠠᠤᠯᠢ ᠶᠣᠰᠣᠭᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ | ᠲᠡᠰ ᠳᠠᠷᠠᠭᠠᠯᠠᠯ ᠢ ᠪᠦᠬᠦ ᠲᠠᠯ᠎ᠠ ᠪᠠᠷ ᠵᠢᠷᠤᠮᠵᠢᠭᠤᠯᠵᠤ᠂ ᠵᠠᠰᠠᠭ ᠵᠠᠬᠢᠷᠭᠠᠨ ᠤ ᠲᠠᠬᠢᠨ ᠵᠥᠪᠯᠡᠬᠦ ᠦᠢᠯᠡᠳᠦᠯ ᠢ | ᠭᠦᠢᠴᠡᠳ ᠪᠠᠳᠠᠷᠠᠭᠤᠯᠵᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠲᠠᠬᠢᠨ ᠰᠢᠨ᠎ᠡ | ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ᠃ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠲᠤᠰᠬᠠᠢ | ᠲᠤᠰᠢᠶᠠᠯᠲᠤ ᠪᠠᠭᠰᠢ ᠶᠢᠨ ᠡᠩᠨᠡᠭᠡ ᠶᠢ ᠲᠡᠭᠦᠯᠳᠡᠷᠵᠢᠭᠦᠯᠵᠦ᠂ ᠴᠢᠨᠠᠷ ᠰᠠᠶᠢᠲᠠᠢ ᠲᠡᠩᠴᠡᠭᠦᠷᠢᠲᠡᠢ ᠦᠨᠳᠦᠰᠦᠨ ᠤᠯᠠᠨ | ᠨᠡᠶᠢᠲᠡ ᠶᠢᠨ ᠰᠤᠷᠭᠠᠨ ᠬᠥᠮᠦᠵᠢᠯ ᠤᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ᠠᠷᠠᠳ ᠲᠦᠮᠡᠨ ᠤ ᠰᠡᠳᠬᠢᠯ | ᠬᠠᠨᠤᠮᠵᠢᠲᠠᠢ ᠰᠤᠷᠭᠠᠨ ᠬᠥᠮᠦᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠡᠷᠬᠢᠯᠡᠬᠦ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | ᠣᠷᠴᠢᠭᠤᠯᠤᠭᠴᠢ᠄ ᠭᠤᠸ᠎ᠠ | ᠬᠢᠨᠠᠭᠴᠢ᠄ ᠠᠷᠢᠭᠤᠨ |