ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ | ᠬᠠᠷᠢᠶ᠎ᠠ ᠡᠯ᠎ᠡ ᠵᠥᠪᠯᠡᠯ᠂ ᠠᠯᠪᠠᠨ ᠬᠡᠷ᠂ ᠲᠣᠪᠴᠢᠶ᠎ᠠ ᠳᠤ᠄ | | | ᠤᠯᠠᠭᠠᠨᠴᠠᠪ ᠬᠤᠲᠠ ᠶᠢᠨ ᠴᠠᠭ ᠠᠭᠤᠷ ᠤᠨ ᠲᠣᠪᠴᠢᠶ᠎ᠠ ᠶᠢᠨ ᠤᠷᠢᠳᠴᠢᠯᠠᠨ ᠮᠡᠳᠡᠭᠡᠯᠡᠭᠰᠡᠨ ᠢ ᠦᠨᠳᠦᠰᠦᠯᠡᠪᠡᠯ᠂ | 1 ᠰᠠᠷ᠎ᠠ ᠶᠢᠨ 22 ᠤᠨ ᠡᠳᠦᠷ ᠠᠴᠠ 2 ᠰᠠᠷ᠎ᠠ ᠶᠢᠨ 22 ᠤᠨ ᠡᠳᠦᠷ ᠪᠣᠯᠲᠠᠯ᠎ᠠ ᠮᠠᠨ ᠤ ᠬᠤᠲᠠ ᠶᠢ ᠬᠦᠢᠲᠡᠨ | ᠠᠭᠤᠷ ᠠᠮᠢᠰᠬᠤᠯ ᠢ ᠨᠡᠯᠢᠶᠡᠳ ᠣᠯᠠᠨ ᠨᠥᠯᠥᠭᠡᠯᠡᠵᠦ᠂ ᠬᠦᠢᠲᠡᠨ ᠳᠤᠯᠠᠭᠠᠨ ᠤ ᠬᠡᠯᠪᠡᠯᠵᠡᠯᠲᠡ ᠨᠡᠯᠢᠶᠡᠳ ᠶᠡᠭᠡ | ᠪᠠᠶᠢᠵᠤ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠲᠦᠢᠯ ᠤᠨ ᠴᠠᠭ ᠠᠭᠤᠷ ᠠᠴᠠ ᠪᠣᠯᠵᠣ ᠮᠡᠳᠡᠬᠦ ᠠᠰᠢᠭ ᠥᠬᠡᠶ | ᠨᠥᠯᠥᠭᠡ ᠶᠢ ᠠᠷᠭᠠᠴᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠥᠬᠦ | ᠬᠦᠴᠦᠨ ᠢᠶᠠᠷ ᠢᠶᠠᠨ ᠬᠠᠮᠠᠭᠠᠯᠠᠬᠤ ᠶᠢᠨ ᠲᠥᠯᠥᠭᠡ᠂ ᠡᠳᠦᠭᠡ ᠬᠤᠯᠪᠣᠭᠳᠠᠯ ᠪᠥᠬᠦᠶ ᠰᠡᠷᠭᠡᠶᠢᠯᠡᠨ ᠠᠷᠭᠠᠴᠠᠬᠤ | ᠠᠵᠢᠯ ᠤᠨ ᠱᠠᠭᠠᠷᠳᠠᠯᠭ᠎ᠠ ᠶᠢ ᠳᠣᠤᠷᠠᠬᠢ ᠮᠡᠲᠦ ᠮᠡᠳᠡᠭᠳᠡᠪᠡ᠃ | ᠨᠢᠭᠡ᠂ ᠣᠨᠴᠠᠭᠠᠢ ᠴᠠᠭ ᠠᠭᠤᠷ ᠢ ᠠᠷᠭᠠᠴᠠᠬᠤ ᠤᠯᠤᠰ ᠲᠥᠷᠥ ᠶᠢᠨ ᠬᠠᠷᠢᠭᠤᠴᠠᠯᠭ᠎ᠠ ᠪᠠᠨ ᠦᠨᠡᠨᠬᠦ | ᠴᠢᠩᠭᠠᠳᠬᠠᠨ᠎ᠠ | ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠠᠵᠢᠯ ᠤᠨ | ᠭᠤᠣᠯ ᠰᠢᠵᠢᠮ ᠢ ᠪᠠᠲᠤ ᠡᠵᠡᠮᠳᠡᠵᠦ᠂ ᠬᠦᠢᠲᠡᠨ ᠠᠭᠤᠷ ᠠᠮᠢᠰᠬᠤᠯ ᠠᠷᠠᠳ ᠤᠯᠠᠨ ᠤ ᠦᠢᠯᠡᠳᠪᠦᠷᠢᠯᠡᠯ | ᠠᠮᠢᠳᠤᠷᠠᠯ ᠳᠤ ᠠᠪᠴᠢᠷᠠᠭᠰᠠᠨ ᠠᠰᠢᠭ ᠦᠭᠡᠢ ᠨᠥᠯᠥᠭᠡ ᠶᠢ ᠭᠦᠢᠴᠡᠳ ᠲᠠᠨᠢᠵᠤ᠂ ᠰᠡᠷᠭᠡᠶᠢᠯᠡᠨ ᠠᠷᠭᠠᠴᠠᠬᠤ ᠤᠯᠤᠰ | ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠠᠷᠠᠳ ᠤᠯᠠᠨ ᠳᠤ ᠳᠡᠭᠡᠳᠦ | ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ ᠦᠳᠲᠡᠷ ᠲᠦᠷᠭᠡᠨ ᠬᠥᠳᠡᠯᠦᠯᠴᠡᠵᠦ᠂ ᠤᠷᠢᠳᠴᠢᠯᠠᠨ ᠰᠤᠳᠤᠯᠤᠨ | ᠮᠠᠭᠠᠳᠯᠠᠵᠤ᠂ ᠨᠠᠷᠢᠨ ᠨᠢᠭᠲᠠ ᠪᠠᠶᠢᠷᠢᠯᠠᠭᠤᠯᠵᠤ᠂ ᠠᠷᠭᠠᠴᠠᠨ ᠰᠡᠷᠭᠡᠶᠢᠯᠡᠬᠦ ᠠᠵᠢᠯ ᠢ ᠢᠳᠡᠪᠬᠢᠲᠡᠢ ᠰᠠᠶᠢᠲᠤᠷ ᠬᠢᠵᠦ᠂ | ᠬᠡᠪ ᠤᠨ ᠦᠢᠯᠡᠳᠪᠦᠷᠢᠯᠡᠯ ᠠᠮᠢᠳᠤᠷᠠᠯ ᠤᠨ ᠡᠮᠬᠢ ᠳᠢᠭᠯᠢᠮ ᠢ ᠦᠨᠡᠨ ᠬᠦ ᠪᠠᠲᠤᠯᠠᠵᠤ᠂ ᠭᠠᠮᠰᠢᠭ ᠠᠴᠠ ᠪᠣᠯᠤᠭᠰᠠᠨ | ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠬᠢᠵᠠᠭᠠᠷᠯᠠᠨ ᠪᠠᠭᠠᠰᠬᠠᠵᠤ᠂ ᠠᠷᠠᠳ ᠤᠯᠠᠨ ᠤ ᠠᠮᠢ ᠨᠠᠰᠤ ᠡᠳ᠋ | ᠬᠦᠷᠦᠩᠭᠡ ᠶᠢᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠦᠨᠡᠨ ᠬᠦ ᠪᠠᠲᠤᠯᠠᠬᠤ ᠬᠡᠷᠡᠭᠲᠡᠢ᠃ | ᠡᠯ᠎ᠡ ᠭᠠᠵᠠᠷ᠂ ᠡᠯ᠎ᠡ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠪᠡᠶ᠎ᠡ ᠪᠠᠷ ᠢᠶᠠᠨ ᠠᠳᠬᠤᠵᠤ᠂ | ᠬᠤᠪᠢᠳᠠᠨ ᠬᠠᠮᠢᠶᠠᠷᠴᠤ ᠪᠦᠬᠦᠢ ᠬᠠᠷᠢᠭᠤᠴᠠᠯᠭᠠᠲᠠᠨ ᠨᠥᠬᠦᠳ ᠪᠣᠳᠠᠲᠠᠢ ᠠᠳᠬᠤᠵᠤ᠂ ᠡᠯ᠎ᠡ ᠵᠦᠢᠯ ᠤᠨ ᠠᠵᠢᠯ ᠤᠨ | ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠡᠯ᠎ᠡ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠳ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠨ᠂ ᠲᠤᠰ ᠲᠤᠰ ᠤᠨ | ᠬᠠᠷᠢᠭᠤᠴᠠᠯᠭ᠎ᠠ ᠪᠠᠨ ᠬᠠᠷᠢᠭᠤᠴᠠᠵᠤ᠂ ᠨᠢᠭᠲᠠ ᠬᠠᠮᠵᠢᠯᠴᠠᠨ᠂ ᠬᠠᠮᠵᠢᠯᠴᠠᠭ᠎ᠠ ᠪᠠᠨ ᠴᠢᠩᠭᠠᠳᠬᠠᠵᠤ᠂ ᠨᠡᠶᠢᠯᠡᠮᠡᠯ | ᠬᠦᠴᠦᠨ ᠢ ᠪᠣᠶ ᠪᠣᠯᠭᠠᠬᠤ ᠬᠡᠷᠡᠭᠲᠡᠶ᠃ | ᠬᠤᠶᠠᠷ᠂ ᠴᠠᠭ ᠠᠭᠤᠷ ᠢ ᠬᠢᠨᠠᠨ ᠬᠡᠮᠵᠢᠵᠦ ᠰᠡᠷᠡᠮᠵᠢᠯᠡᠭᠦᠯᠬᠦ ᠪᠠ ᠰᠡᠷᠭᠡᠶᠢᠯᠡᠬᠦ ᠮᠡᠳᠡᠭᠡ ᠵᠠᠩᠭᠢ ᠨᠡᠶᠢᠲᠡᠯᠡᠬᠦ | ᠠᠵᠢᠯ ᠢ ᠴᠢᠩᠭᠠᠳᠬᠠᠨ᠎ᠠ | ᠡᠯ᠎ᠡ ᠭᠠᠵᠠᠷ ᠵᠢᠴᠢ ᠴᠠᠭ ᠠᠭᠤᠷ᠂ ᠵᠠᠮ ᠬᠠᠷᠢᠯᠴᠠᠭ᠎ᠠ ᠲᠡᠭᠡᠭᠡᠪᠦᠷᠢ᠂ ᠳᠣᠲᠣᠭᠠᠳᠤ ᠶᠢ ᠬᠠᠮᠠᠭᠠᠯᠠᠬᠤ᠂ ᠣᠷᠣᠨ | ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠪᠠᠶᠢᠭᠠᠯᠢ ᠶᠢᠨ ᠡᠬᠢ ᠪᠠᠶᠠᠯᠢᠭ᠂ ᠰᠣᠶᠣᠯ | ᠵᠢᠭᠤᠯᠴᠢᠯᠠᠯ᠂ ᠣᠶ ᠰᠢᠭᠤᠶ ᠡᠪᠡᠰᠦ ᠪᠡᠯᠴᠢᠭᠡᠷ᠂ ᠲᠠᠷᠢᠶᠠᠯᠠᠩ ᠮᠠᠯ ᠠᠵᠤ ᠠᠬᠤᠶ ᠪᠠ ᠠᠷᠠᠳ ᠤᠨ ᠶᠠᠪᠤᠳᠠᠯ ᠵᠡᠷᠭᠡ | ᠬᠠᠮᠢᠶ᠎ᠠ ᠪᠥᠬᠦᠶ ᠰᠠᠯᠠᠭ᠎ᠠ ᠮᠥᠴᠢᠷ ᠤᠳ ᠲᠥᠰᠦᠭᠡᠯᠡᠵᠦ ᠵᠠᠳᠠᠯᠬᠤ᠂ ᠮᠡᠳᠡᠭᠡ ᠵᠠᠩᠭᠢ ᠪᠠᠨ ᠬᠠᠷᠢᠯᠴᠠᠨ | ᠨᠡᠪᠲᠡᠷᠡᠯᠴᠡᠬᠦ ᠪᠠᠨ ᠴᠢᠩᠭᠠᠳᠬᠠᠵᠤ᠂ ᠤᠷᠢᠳᠴᠢᠯᠠᠨ ᠪᠠᠶᠢᠷᠢᠯᠠᠭᠤᠯᠵᠤ᠂ ᠰᠡᠷᠭᠡᠶᠢᠯᠡᠨ ᠠᠷᠭᠠᠴᠠᠬᠤ ᠠᠷᠭ᠎ᠠ ᠬᠡᠮᠵᠢᠶ᠎ᠡ ᠶᠢ | ᠴᠠᠭ ᠲᠤᠬᠠᠶ ᠳᠤᠨᠢ ᠠᠪᠬᠤ ᠬᠡᠷᠡᠭᠲᠡᠶ᠃ ᠷᠠᠳᠢᠣ᠋ ᠨᠡᠪᠲᠡᠷᠡᠭᠦᠯᠭᠡ᠂ ᠲᠧᠯᠸᠢᠰ᠂ ᠰᠣᠨᠢᠨ᠂ ᠢᠨᠲ᠋ᠧᠷ ᠰᠦᠯᠵᠢᠶ᠎ᠡ᠂ | ᠸᠢᠴᠠᠲ ᠵᠡᠷᠭᠡ ᠤᠯᠠᠮᠵᠢᠯᠠᠯᠲᠤ ᠵᠠᠭᠤᠴᠢᠯᠠᠭᠤᠷ ᠪᠣᠯᠤᠨ ᠰᠢᠨ᠎ᠡ ᠪᠠᠷ ᠬᠥᠭᠵᠢᠭᠰᠡᠨ ᠵᠠᠭᠤᠴᠢᠯᠠᠭᠤᠷ ᠢ ᠭᠦᠢᠴᠡᠳ | ᠠᠰᠢᠭᠯᠠᠨ᠂ ᠭᠠᠮᠰᠢᠭ ᠢ ᠰᠡᠷᠡᠮᠵᠢᠯᠡᠭᠦᠯᠬᠦ ᠮᠡᠳᠡᠭᠡ ᠵᠠᠩᠭᠢ ᠪᠣᠯᠤᠨ ᠭᠠᠮᠰᠢᠭ ᠢ ᠲᠣᠪᠴᠢ ᠠᠪᠰᠠᠷᠬᠠᠨ ᠰᠡᠷᠭᠡᠶᠢᠯᠡᠬᠦ | ᠭᠠᠮᠰᠢᠭ ᠠᠴᠠ ᠵᠠᠶᠢᠯᠠᠬᠤ ᠠᠷᠭ᠎ᠠ ᠶᠢ ᠴᠠᠭ ᠲᠤᠬᠠᠶ ᠳᠤᠨᠢ ᠨᠡᠶᠢᠲᠡᠯᠡᠵᠦ᠂ ᠠᠮᠤᠷ ᠲᠦᠪᠰᠢᠨ ᠤ ᠰᠠᠨᠠᠭᠤᠯᠤᠮᠵᠢ ᠶᠢᠨ | ᠮᠡᠳᠡᠭᠡ ᠵᠠᠩᠭᠢ ᠶᠢᠨ ᠰᠢᠭᠤᠳ ᠬᠦᠷᠬᠦ ᠴᠢᠨᠠᠷ᠂ ᠰᠢᠭᠤᠳ ᠦᠵᠡᠭᠦᠯᠬᠦ ᠴᠢᠨᠠᠷ᠂ ᠰᠢᠭᠤᠳ ᠰᠢᠯᠤᠭᠤᠨ ᠴᠢᠨᠠᠷ ᠢ | ᠴᠢᠩᠭᠠᠳᠬᠠᠨ᠂ ᠨᠡᠶᠢᠭᠡᠮ ᠨᠡᠶᠢᠲᠡ ᠳᠤ ︽ᠣᠶᠢᠯᠠᠭᠠᠮᠵᠢᠲᠠᠶ᠂ ᠰᠣᠨᠣᠰᠴᠤ ᠣᠶᠢᠯᠠᠭᠠᠬᠤ᠂ ᠬᠡᠷᠡᠭᠯᠡᠵᠦ ᠪᠣᠯᠬᠤ︾᠂ | ᠰᠡᠷᠡᠮᠵᠢᠯᠡᠭᠦᠯᠬᠦ ᠮᠡᠳᠡᠭᠡ ᠵᠠᠩᠭᠢ ᠶᠢ ᠠᠷᠭᠠᠴᠠᠬᠤ ᠠᠵᠢᠯᠯᠠᠭ᠎ᠠ ᠪᠣᠯᠭᠠᠨ ᠪᠦᠲᠦᠮᠵᠢᠲᠡᠶ ᠬᠤᠪᠢᠷᠠᠭᠤᠯᠬᠤ ᠶᠢ ᠦᠨᠡᠨᠬᠦ | ᠪᠠᠲᠤᠯᠠᠬᠤ ᠬᠡᠷᠡᠭᠲᠡᠶ᠃ | ᠭᠤᠷᠪᠠ᠂ ᠭᠤᠣᠯᠳᠠᠯᠭ᠎ᠠ ᠲᠠᠢ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢᠨ | ᠨᠠᠶᠢᠳᠠᠪᠤᠷᠢᠵᠢᠭᠤᠯᠤᠯᠲᠠ ᠶᠢ ᠦᠨᠡᠨᠬᠦ ᠰᠠᠶᠢᠲᠤᠷ ᠠᠳᠬᠤᠨ᠎ᠠ | ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ ᠬᠦᠢᠲᠡᠨ ᠠᠭᠤᠷ ᠠᠮᠢᠰᠬᠤᠯ ᠠᠴᠠ ᠪᠣᠯᠵᠤ ᠮᠡᠳᠡᠬᠦ | ᠠᠮᠤᠷ ᠲᠦᠪᠰᠢᠨ ᠤ ᠳᠠᠯᠳᠠ ᠬᠡᠮ ᠳᠤ ᠴᠢᠭᠯᠡᠭᠦᠯᠦᠨ᠂ ᠵᠠᠮ ᠬᠠᠷᠢᠯᠴᠠᠭ᠎ᠠ ᠲᠡᠭᠡᠭᠡᠪᠦᠷᠢ᠂ ᠪᠠᠷᠢᠯᠭ᠎ᠠ ᠶᠢᠨ ᠠᠵᠢᠯ᠂ | ᠬᠤᠲᠠ ᠪᠠᠯᠭᠠᠰᠤᠨ ᠤ ᠰᠢᠲᠠᠮᠠᠬᠠᠶ ᠬᠡᠶ᠂ ᠨᠡᠭᠦᠷᠡᠰᠦᠨ ᠤ ᠪᠤᠰᠤ ᠠᠭᠤᠷᠬᠠᠶ᠂ ᠠᠶᠤᠯᠲᠠᠶ ᠬᠢᠮᠢ ᠶᠢᠨ ᠪᠣᠳᠠᠰ᠂ | ᠲᠡᠮᠦᠷᠯᠢᠭ ᠬᠠᠶᠢᠯᠤᠭᠤᠯᠬᠤ ᠠᠵᠤ ᠦᠢᠯᠡᠳᠪᠦᠷᠢ ᠠᠷᠠᠯᠵᠢᠶ᠎ᠠ᠂ ᠭᠠᠯ ᠤᠨᠲᠠᠷᠠᠭᠠᠬᠤ ᠵᠡᠷᠭᠡ ᠭᠤᠤᠯᠳᠠᠯᠭ᠎ᠠ ᠲᠠᠢ ᠠᠵᠢᠯ | ᠲᠥᠷᠥᠯ ᠤᠨ ᠬᠦᠷᠢᠶᠡᠨ ᠳᠠᠬᠢ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠦᠨᠡᠨ ᠬᠦ ᠴᠢᠩᠭᠠᠳᠬᠠᠵᠤ᠂ | ᠢᠯᠠᠩᠭᠤᠶ᠎ᠠ ᠴᠠᠭᠠᠨ ᠰᠠᠷ᠎ᠠ ᠶᠢᠨ ᠬᠤᠭᠤᠴᠠᠭᠠᠨ ᠳᠤ ᠭᠠᠳᠠᠭᠰᠢ ᠭᠠᠷᠴᠤ ᠨᠤᠲᠤᠭ ᠲᠠᠭᠠᠨ ᠪᠤᠴᠠᠬᠤ ᠲᠡᠷᠭᠡ ᠬᠥᠰᠬᠡ | ᠨᠡᠮᠡᠭᠳᠡᠵᠦ᠂ ᠵᠠᠮ ᠳᠡᠭᠡᠷ᠎ᠡ ᠬᠤᠷᠠᠭᠰᠠᠨ ᠴᠠᠰᠤ ᠮᠥᠰᠥ ᠲᠠᠢ ᠪᠠᠶᠢᠳᠠᠯ ᠠᠮᠠᠷᠬᠠᠨ ᠡᠭᠦᠰᠴᠦ ᠮᠡᠳᠡᠬᠦ ᠵᠠᠮ | ᠬᠠᠷᠢᠯᠴᠠᠭᠠᠨ ᠤ ᠠᠳᠡᠯ ᠤᠨ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ | ᠠᠵᠢᠯ ᠢ ᠪᠥᠬᠦ ᠲᠠᠯ᠎ᠠ ᠪᠠᠷ ᠭᠦᠨᠵᠡᠭᠡᠶ ᠥᠷᠨᠢᠭᠦᠯᠬᠦ ᠬᠡᠷᠡᠭᠲᠡᠶ᠃ | ᠵᠠᠮ ᠲᠡᠭᠡᠭᠡᠪᠦᠷᠢ ᠶᠢᠨ ᠲᠠᠯ᠎ᠠ ᠪᠠᠷ᠄ ᠠᠳᠡᠯ ᠠᠮᠠᠷᠬᠠᠨ ᠭᠠᠷᠳᠠᠭ ᠵᠠᠮ ᠤᠨ ᠬᠡᠰᠡᠭ ᠢ ᠲᠣᠭᠤᠷᠢᠨ ᠴᠠᠭᠳᠠᠵᠤ | ᠬᠠᠮᠢᠶᠠᠷᠤᠨ ᠡᠵᠡᠮᠳᠡᠬᠦ ᠡᠷᠴᠢᠮ ᠢᠶᠠᠨ ᠴᠢᠩᠭᠠᠷᠠᠭᠤᠯᠵᠤ᠂ ᠲᠡᠷᠭᠡ ᠬᠥᠰᠬᠡ ᠶᠢ ᠰᠢᠨᠵᠢᠯᠡᠬᠦ ᠤᠬᠠᠭᠠᠨᠴᠢ ᠪᠠᠷ ᠵᠣᠬᠢᠶᠠᠨ | ᠪᠠᠶᠢᠭᠤᠯᠤᠨ ᠰᠠᠯᠭᠠᠬᠤ᠂ ᠴᠠᠰᠤ ᠶᠢ ᠠᠷᠢᠯᠭᠠᠵᠤ ᠬᠠᠯᠲᠤᠷᠢᠬᠤ ᠠᠴᠠ ᠰᠡᠷᠭᠡᠶᠢᠯᠡᠬᠦ ᠵᠡᠷᠭᠡ ᠵᠠᠮ ᠬᠠᠷᠢᠯᠴᠠᠭ᠎ᠠ ᠶᠢ | ᠵᠠᠬᠢᠷᠤᠨ ᠬᠠᠮᠢᠶᠠᠷᠬᠤ ᠪᠠ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠶᠢ ᠰᠢᠨᠵᠢᠯᠡᠬᠦ | ᠤᠬᠠᠭᠠᠨᠴᠢ ᠪᠠᠷ ᠵᠣᠬᠢᠶᠠᠨ ᠪᠠᠶᠢᠭᠤᠯᠵᠤ᠂ ᠳᠣᠤᠷ᠎ᠠ ᠳᠤᠯᠠᠭᠠᠨ ᠮᠥᠰᠥ ᠴᠠᠰᠤᠨ ᠤ ᠬᠦᠢᠲᠡᠨ ᠠᠭᠤᠷ ᠠᠮᠢᠰᠬᠤᠯ ᠤᠨ | ᠵᠠᠮ ᠬᠠᠷᠢᠯᠴᠠᠭ᠎ᠠ ᠪᠠ ᠠᠮᠤᠷ ᠲᠦᠪᠰᠢᠨ ᠢᠶᠠᠷ ᠲᠡᠷᠭᠡ ᠵᠢᠯᠣᠭᠤᠳᠬᠤ ᠳᠤ ᠦᠵᠡᠭᠦᠯᠬᠦ ᠨᠥᠯᠥᠭᠡ ᠶᠢ ᠠᠯᠢ | ᠴᠢᠳᠠᠬᠤ ᠪᠠᠷ ᠪᠠᠭᠠᠰᠬᠠᠵᠤ᠂ ᠵᠠᠮ ᠬᠠᠷᠢᠯᠴᠠᠭᠠᠨ ᠤ ᠠᠳᠡᠯ ᠭᠠᠷᠬᠤ ᠶᠢ ᠰᠡᠷᠭᠡᠶᠢᠯᠡᠬᠦ ᠬᠡᠷᠡᠭᠲᠡᠶ᠃ ᠭᠤᠣᠯᠳᠠᠯᠭ᠎ᠠ ᠲᠠᠢ | ᠬᠥᠭᠦᠷᠭᠡ ᠵᠢᠴᠢ ᠣᠭᠵᠣᠮ ᠮᠤᠷᠦ᠋ᠢᠯᠲᠠ᠂ ᠡᠭᠴᠡ ᠬᠥᠲᠥᠯ ᠵᠡᠷᠭᠡ ᠠᠶᠤᠯ ᠲᠠᠢ ᠵᠠᠮ ᠤᠨ ᠬᠡᠰᠡᠭ ᠢ ᠲᠣᠭᠤᠷᠢᠨ | ᠪᠠᠶᠢᠴᠠᠭᠠᠬᠤ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠲᠡᠷᠭᠡ ᠬᠥᠰᠬᠡ ᠶᠢᠨ ᠠᠮᠤᠷ ᠲᠦᠪᠰᠢᠨ ᠢᠶᠠᠷ | ᠨᠡᠪᠲᠡᠷᠡᠬᠦ ᠶᠢ ᠬᠥᠲᠥᠯᠥᠨ ᠵᠢᠯᠣᠭᠤᠳᠬᠤ ᠬᠡᠷᠡᠭᠲᠡᠶ᠃ ᠲᠡᠭᠡᠭᠡᠪᠦᠷᠢ ᠶᠢᠨ ᠠᠵᠤ ᠠᠬᠤᠶᠢᠯᠠᠯ ᠤᠨ ᠠᠶᠤᠯᠭᠦᠢ | ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠤ | ᠠᠬᠤᠶᠢᠯᠠᠯ ᠢ ᠰᠢᠮᠳᠠᠭᠤᠯᠵᠤ ᠪᠠᠶᠢᠭᠠᠳ ᠲᠡᠷᠭᠡ ᠬᠥᠰᠬᠡ ᠶᠢ ᠪᠠᠶᠢᠴᠠᠭᠠᠨ ᠵᠠᠰᠠᠬᠤ᠂ ᠬᠠᠮᠠᠭᠠᠯᠠᠬᠤ ᠪᠠ ᠬᠠᠯᠲᠤᠷᠢᠬᠤ ᠶᠢ | ᠰᠡᠷᠭᠡᠶᠢᠯᠡᠬᠦ ᠵᠡᠷᠭᠡ ᠡᠯ᠎ᠡ ᠵᠦᠢᠯ ᠤᠨ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠰᠠᠶᠢᠲᠤᠷ ᠬᠢᠯᠭᠡᠵᠦ᠂ ᠠᠶᠤᠯᠲᠠᠢ | ᠬᠢᠮᠢ ᠶᠢᠨ ᠪᠣᠳᠠᠰ᠂ ᠬᠤᠸᠠᠷ ᠫᠤᠤᠵᠢᠩ ᠵᠡᠷᠭᠡ ᠲᠡᠭᠡᠭᠡᠪᠦᠷᠢ ᠶᠢᠨ ᠲᠡᠷᠭᠡ ᠬᠥᠰᠬᠡ ᠶᠢ ᠴᠢᠩᠭ᠎ᠠ ᠬᠠᠮᠢᠶᠠᠷᠤᠨ ᠡᠵᠡᠮᠳᠡᠵᠦ᠂ | ᠲᠡᠷᠭᠡ ᠬᠥᠰᠬᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ᠃ ᠨᠢᠰᠬᠡᠯ ᠤᠨ ᠪᠠᠭᠤᠳᠠᠯ᠂ ᠲᠡᠷᠭᠡᠨ | ᠥᠷᠲᠡᠭᠡᠨ ᠤ ᠬᠦᠢᠲᠡᠨ ᠠᠴᠠ ᠰᠡᠷᠭᠡᠶᠢᠯᠡᠬᠦ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠪᠠᠶᠢᠴᠠᠭᠠᠬᠤ ᠪᠠ | ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠮᠠᠭᠤ ᠴᠠᠭ ᠠᠭᠤᠷ ᠤᠨ ᠨᠥᠬᠦᠴᠡᠯ ᠳᠣᠣᠷᠠᠬᠢ ᠵᠠᠮ ᠬᠠᠷᠢᠯᠴᠠᠭᠠᠨ ᠤ | ᠵᠠᠮ ᠬᠠᠷᠢᠯᠴᠠᠭ᠎ᠠ ᠶᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ᠃ | ᠪᠠᠷᠢᠯᠭ᠎ᠠ ᠶᠢᠨ ᠠᠵᠢᠯ ᠤᠨ ᠲᠠᠯ᠎ᠠ ᠪᠠᠷ᠄ ᠡᠯ᠎ᠡ ᠪᠠᠷᠢᠯᠭ᠎ᠠ ᠶᠢᠨ ᠠᠵᠢᠯ ᠤᠨ ᠠᠵᠤ ᠠᠬᠤᠶᠢᠯᠠᠯ ᠢ ᠰᠢᠮᠳᠠᠭᠤᠯᠵᠤ | ᠪᠠᠶᠢᠭᠠᠳ ᠳᠠᠷᠤᠶ ᠲᠦᠷᠭᠡᠨ ᠠᠮᠤᠷ ᠲᠦᠪᠰᠢᠨ ᠤ ᠳᠠᠯᠳᠠ ᠭᠡᠮ ᠢ ᠥᠪᠡᠰᠦᠪᠡᠨ ᠪᠠᠶᠢᠴᠠᠭᠠᠵᠤ ᠥᠪᠡᠰᠦᠪᠡᠨ | ᠵᠠᠯᠠᠷᠠᠭᠤᠯᠬᠤ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠰᠡᠷᠭᠡᠶᠢᠯᠡᠬᠦ ᠠᠷᠭ᠎ᠠ ᠬᠡᠮᠵᠢᠶ᠎ᠡ ᠪᠠ ᠪᠠᠴᠢᠮ ᠪᠠᠶᠢᠳᠠᠯ ᠢ | ᠠᠷᠭᠠᠴᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠵᠦ᠂ ᠬᠥᠯᠳᠡᠭᠡᠬᠦ ᠶᠢ ᠰᠡᠷᠭᠡᠶᠢᠯᠡᠬᠦ᠂ ᠭᠠᠯ ᠰᠡᠷᠭᠡᠶᠢᠯᠡᠬᠦ᠂ | ᠬᠤᠣᠷᠳᠠᠬᠤ ᠶᠢ ᠰᠡᠷᠭᠡᠶᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠶ᠃ ᠭᠦᠨ ᠰᠠᠭᠤᠷᠢ ᠶᠢᠨ ᠨᠦᠬᠡ ᠶᠢᠨ ᠪᠠᠷᠢᠯᠭ᠎ᠠ᠂ | ᠰᠤᠪᠤᠷᠭᠠᠨ ᠳᠡᠭᠦᠵᠢᠯᠡᠭᠦᠷ᠂ ᠴᠠᠬᠢᠯᠭᠠᠨ ᠱᠠᠲᠤ᠂ ᠪᠣᠳᠠᠰ ᠤᠨ ᠮᠠᠲ᠋ᠧᠷᠢᠶᠠᠯ ᠢ ᠳᠡᠭᠡᠭᠰᠢᠯᠡᠭᠦᠯᠬᠦ ᠮᠠᠰᠢᠨ ᠵᠡᠷᠭᠡ | ᠪᠠᠷᠢᠯᠭ᠎ᠠ ᠶᠢᠨ ᠬᠦᠨᠳᠦ ᠶᠢ ᠡᠷᠭᠦᠬᠦ ᠮᠠᠰᠢᠨ᠂ ᠴᠠᠬᠤᠯᠠᠭᠤᠷ᠂ ᠥᠨᠳᠥᠷ ᠲᠣᠮᠣ ᠬᠡᠪ ᠬᠠᠪᠲᠠᠰᠤ ᠶᠢᠨ ᠲᠤᠯᠭᠠᠭᠤᠷᠢᠯᠠᠬᠤ | ᠰᠢᠰᠲ᠋ᠧᠮᠵᠢ᠂ ᠥᠨᠳᠥᠷ ᠭᠠᠵᠠᠷ ᠲᠤ ᠠᠵᠢᠯᠯᠠᠬᠤ᠂ ᠪᠠᠷᠢᠯᠭ᠎ᠠ ᠶᠢᠨ ᠭᠠᠵᠠᠷ ᠤᠨ ᠭᠠᠯ ᠤᠨᠲᠠᠷᠠᠭᠠᠬᠤ᠂ ᠪᠠᠷᠢᠯᠭ᠎ᠠ ᠶᠢᠨ | ᠬᠡᠷᠡᠭᠯᠡᠬᠦ ᠴᠠᠬᠢᠯᠭᠠᠨ᠂ ᠲᠦᠷ ᠴᠠᠭ ᠤᠨ ᠠᠵᠢᠯ ᠤᠨ ᠫᠧᠩ ᠵᠡᠷᠭᠡ ᠭᠤᠤᠯᠳᠠᠯᠭ᠎ᠠ ᠲᠠᠢ ᠠᠭᠤᠯᠭ᠎ᠠ ᠪᠠ ᠵᠠᠩᠭᠢᠯᠠᠭ᠎ᠠ ᠶᠢᠨ | ᠳᠠᠯᠳᠠ ᠭᠡᠮ ᠢ ᠵᠢᠭᠰᠠᠭᠠᠨ ᠪᠠᠶᠢᠴᠠᠭᠠᠬᠤ ᠶᠢ ᠭᠤᠤᠯᠳᠠᠯᠭ᠎ᠠ ᠲᠠᠢ ᠴᠢᠩᠭᠠᠳᠬᠠᠵᠤ᠂ ᠡᠯ᠎ᠡ ᠵᠦᠢᠯ ᠤᠨ ᠠᠮᠤᠷ | ᠲᠦᠪᠰᠢᠨ ᠤ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ | ᠬᠡᠷᠡᠭᠲᠡᠶ᠃ ᠭᠡᠷ ᠤᠨ ᠭᠠᠳᠠᠨᠠᠬᠢ ᠠᠵᠢᠯ ᠳᠤ ᠬᠠᠯᠲᠤᠷᠢᠬᠤ ᠠᠴᠠ ᠰᠡᠷᠭᠡᠶᠢᠯᠡᠬᠦ ᠪᠠ ᠳᠤᠯᠠᠭᠠᠯᠠᠬᠤ ᠶᠢ ᠪᠠᠲᠤᠯᠠᠬᠤ | ᠠᠷᠭ᠎ᠠ ᠬᠡᠮᠵᠢᠶ᠎ᠡ ᠠᠪᠴᠤ᠂ ᠶᠡᠭᠡ ᠰᠠᠯᠬᠢ᠂ ᠪᠣᠷᠣᠭᠠᠨ᠂ ᠴᠠᠰᠤ ᠵᠡᠷᠭᠡ ᠮᠠᠭᠤ ᠴᠠᠭ ᠠᠭᠤᠷ ᠲᠣᠬᠢᠶᠠᠯᠳᠤᠪᠠᠯ ᠭᠡᠷ ᠤᠨ | ᠭᠠᠳᠠᠨᠠᠬᠢ ᠠᠵᠢᠯ ᠢᠶᠠᠨ ᠳᠠᠷᠦ᠋ᠢᠬᠠᠨ ᠵᠣᠭᠰᠣᠭᠠᠬᠤ ᠬᠡᠷᠡᠭᠲᠡᠶ᠃ | ᠴᠠᠬᠢᠯᠭᠠᠨ ᠬᠦᠴᠦᠨ ᠤ ᠬᠦᠷᠢᠶ᠎ᠡ ᠴᠠᠷᠠᠭ᠎ᠠ᠄ ᠬᠦᠢᠲᠡᠨ ᠤᠷᠤᠰᠬᠠᠯ ᠤᠨ ᠪᠠᠴᠢᠮ ᠪᠠᠶᠢᠳᠠᠯ ᠢ ᠠᠷᠭᠠᠴᠠᠬᠤ | ᠪᠡᠯᠡᠳᠬᠡᠯ ᠲᠥᠰᠦᠯ ᠢ ᠴᠠᠭ ᠲᠤᠬᠠᠶ ᠳᠤᠨᠢ ᠡᠬᠢᠯᠡᠭᠦᠯᠵᠦ᠂ ᠪᠣᠷᠣᠭᠠᠨ ᠴᠠᠰᠤ ᠮᠥᠰᠥᠲᠦᠯᠭᠡ ᠶᠢᠨ ᠭᠠᠮᠰᠢᠭ ᠢ | ᠰᠡᠷᠭᠡᠶᠢᠯᠡᠬᠦ ᠭᠤᠤᠯᠳᠠᠯᠭ᠎ᠠ ᠲᠠᠢ ᠣᠷᠣᠨ ᠪᠦᠰᠡ ᠶᠢᠨ ᠭᠠᠵᠠᠷ ᠢ ᠵᠢᠭᠰᠠᠭᠠᠨ ᠪᠠᠶᠢᠴᠠᠭᠠᠬᠤ᠂ ᠲᠣᠭᠤᠷᠢᠨ ᠪᠠᠶᠢᠴᠠᠭᠠᠬᠤ | ᠪᠠ ᠪᠠᠴᠢᠮ ᠪᠠᠶᠢᠳᠠᠯ ᠢ ᠠᠷᠭᠠᠴᠠᠵᠤ ᠵᠠᠪᠳᠤᠨ ᠵᠠᠰᠠᠬᠤ ᠪᠡᠯᠡᠳᠬᠡᠯ ᠠᠵᠢᠯ ᠢ ᠰᠠᠶᠢᠲᠤᠷ ᠬᠢᠬᠦ ᠬᠡᠷᠡᠭᠲᠡᠶ᠃ ᠪᠡᠯᠡᠳᠬᠡᠯ | ᠬᠡᠷᠡᠭᠰᠡᠯ ᠢ ᠤᠷᠢᠳᠴᠢᠯᠠᠨ ᠬᠢᠨᠠᠨ ᠬᠠᠷᠭᠤᠭᠤᠯᠵᠤ᠂ ᠴᠠᠭ ᠲᠤᠬᠠᠶ ᠳᠤᠨᠢ ᠵᠠᠪᠳᠤᠨ ᠵᠠᠰᠠᠬᠤ ᠠᠵᠢᠯ ᠢ ᠥᠷᠨᠢᠭᠦᠯᠬᠦ | ᠬᠡᠷᠡᠭᠲᠡᠶ᠃ ᠴᠠᠬᠢᠯᠭᠠᠨ ᠲᠣᠤᠷ ᠤᠨ ᠠᠵᠢᠯᠯᠠᠭᠠᠨ ᠤ ᠬᠢᠨᠠᠨ ᠡᠵᠡᠮᠳᠡᠬᠦ ᠪᠠ ᠴᠠᠬᠢᠯᠭᠠᠨ ᠬᠦᠷᠭᠡᠬᠦ ᠱᠤᠭᠤᠮ ᠤᠨ | ᠮᠥᠰᠥ ᠶᠢ ᠲᠣᠭᠤᠷᠢᠨ ᠪᠠᠶᠢᠴᠠᠭᠠᠵᠤ ᠬᠢᠨᠠᠨ ᠬᠡᠮᠵᠢᠬᠦ ᠶᠢ ᠴᠢᠩᠭᠠᠳᠬᠠᠵᠤ᠂ ᠲᠥᠬᠦᠭᠡᠷᠦᠮᠵᠢ ᠶᠢᠨ ᠬᠥᠯᠳᠡᠬᠦ ᠶᠢ | ᠰᠡᠷᠭᠡᠶᠢᠯᠡᠬᠦ ᠠᠵᠢᠯᠯᠠᠭᠠᠨ ᠢ ᠬᠠᠮᠠᠭᠠᠯᠠᠬᠤ ᠠᠷᠭ᠎ᠠ ᠬᠡᠮᠵᠢᠶ᠎ᠡ ᠶᠢ ᠤᠷᠢᠳᠴᠢᠯᠠᠨ ᠨᠠᠶᠢᠳᠠᠪᠤᠷᠢᠵᠢᠭᠤᠯᠵᠤ᠂ ᠴᠠᠬᠢᠯᠭᠠᠨ ᠤ | ᠲᠣᠤᠷ ᠤᠨ ᠮᠥᠰᠥ ᠶᠢ ᠪᠦᠷᠬᠦᠭᠰᠡᠨ ᠪᠠᠶᠢᠳᠠᠯ ᠢ ᠴᠠᠭ ᠲᠤᠬᠠᠶ ᠳᠤᠨᠢ ᠵᠠᠳᠠᠯᠵᠤ᠂ ᠴᠠᠬᠢᠯᠭᠠᠨ ᠭᠦᠶᠦᠳᠡᠯ ᠢᠶᠠᠷ ᠮᠥᠰᠥ | ᠬᠠᠶᠢᠯᠤᠭᠤᠯᠬᠤ᠂ ᠮᠠᠰᠢᠨ ᠢᠶᠠᠷ ᠮᠥᠰᠥ ᠠᠷᠢᠯᠭᠠᠬᠤ ᠵᠡᠷᠭᠡ ᠠᠷᠭ᠎ᠠ ᠮᠠᠶ᠋ᠢᠭ ᠢᠶᠠᠷ ᠮᠥᠰᠥ ᠶᠢ ᠪᠦᠲᠦᠮᠵᠢᠲᠡᠶ ᠠᠷᠢᠯᠭᠠᠵᠤ᠂ | ᠭᠤᠤᠯ ᠲᠣᠤᠷ ᠤᠨ ᠠᠵᠢᠯᠯᠠᠭᠠᠨ ᠤ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ | ᠬᠤᠲᠠ ᠪᠠᠯᠭᠠᠰᠤ ᠶᠢᠨ ᠰᠢᠲᠠᠮᠠᠬᠠᠶ ᠬᠡᠶ ᠶᠢᠨ ᠲᠠᠯ᠎ᠠ ᠪᠠᠷ᠄ ᠬᠤᠲᠠ ᠪᠠᠯᠭᠠᠰᠤ ᠶᠢᠨ ᠰᠢᠲᠠᠮᠠᠬᠠᠶ ᠬᠡᠶ ᠶᠢᠨ | ᠬᠤᠭᠤᠯᠠᠶ ᠶᠢᠨ ᠡᠪᠳᠡᠷᠡᠵᠦ ᠭᠤᠭᠤᠵᠢᠬᠤ ᠶᠢ ᠰᠡᠷᠭᠡᠶᠢᠯᠡᠬᠦ ᠠᠷᠭ᠎ᠠ ᠬᠡᠮᠵᠢᠶ᠎ᠡ᠂ ᠰᠢᠲᠠᠮᠠᠬᠠᠶ ᠬᠡᠶ ᠬᠠᠳᠠᠭᠠᠯᠠᠬᠤ | ᠬᠥᠮᠥᠷᠭᠡ ︵ᠰᠠᠪᠠ︶᠂ ᠬᠡᠮᠵᠢᠭᠦᠷᠯᠢᠭ᠂ ᠴᠠᠭᠯᠢᠭ ᠵᠡᠷᠭᠡ ᠪᠡᠯᠡᠳᠬᠡᠮᠵᠢ ᠶᠢᠨ ᠬᠥᠯᠳᠡᠭᠡᠬᠦ ᠶᠢ ᠰᠡᠷᠭᠡᠶᠢᠯᠡᠬᠦ᠂ | ᠰᠢᠩᠭᠡᠨᠵᠢᠮᠡᠯ ᠬᠡᠶ ᠶᠢᠨ ᠪᠣᠯᠣᠳ ᠲᠦᠩᠰᠡ ᠶᠢ ᠲᠡᠭᠡᠭᠡᠪᠦᠷᠢᠯᠡᠬᠦ ᠲᠡᠷᠭᠡ ᠭᠤᠯᠭᠤᠬᠤ ᠠᠴᠠ ᠰᠡᠷᠭᠡᠶᠢᠯᠡᠬᠦ᠂ ᠰᠢᠲᠠᠮᠠᠬᠠᠶ | ᠬᠡᠶ ᠶᠢᠨ ᠪᠠᠭᠠᠵᠢ ᠬᠡᠷᠡᠭᠰᠡᠯ ᠢ ᠵᠠᠯᠭᠠᠬᠤ ᠬᠤᠭᠤᠯᠠᠶ ᠪᠠᠷ ᠭᠤᠭᠤᠵᠢᠬᠤ ᠶᠢ ᠰᠡᠷᠭᠡᠶᠢᠯᠡᠬᠦ᠂ ᠭᠠᠯ ᠤᠨᠲᠠᠷᠠᠭᠠᠬᠤ | ᠪᠡᠯᠡᠳᠬᠡᠮᠵᠢ ᠨᠢ ᠬᠤᠭᠤᠴᠠᠭ᠎ᠠ ᠠᠴᠠ ᠬᠡᠲᠦᠷᠡᠭᠰᠡᠨ ᠡᠰᠡᠬᠦ᠂ ᠢᠳᠡᠭᠡᠨ ᠤᠮᠳᠠᠭᠠᠨ ᠤ ᠲᠠᠯᠠᠪᠤᠷ ᠭᠠᠵᠠᠷ ᠪᠠ ᠠᠷᠠᠳ ᠤᠨ | ᠬᠡᠷᠡᠭᠯᠡᠭᠡᠨ ᠤ ᠰᠢᠲᠠᠮᠠᠬᠠᠶ ᠬᠡᠶ ᠶᠢᠨ ᠣᠷᠴᠢᠨ ᠲᠣᠭᠤᠷᠢᠨ ᠨᠢ ᠠᠮᠤᠷ ᠲᠦᠪᠰᠢᠨ ᠪᠠᠶᠢᠬᠤ ᠡᠰᠡᠬᠦ ᠵᠡᠷᠭᠡ ᠪᠠᠷ | ᠭᠤᠤᠯᠳᠠᠯᠭ᠎ᠠ ᠪᠣᠯᠭᠠᠭᠰᠠᠨ ᠰᠢᠲᠠᠮᠠᠬᠠᠶ ᠬᠡᠶ ᠶᠢᠨ ᠠᠶᠤᠯ ᠥᠬᠡᠶ ᠦᠢᠯᠡᠳᠪᠦᠷᠢᠯᠡᠯ ᠤᠨ ᠳᠠᠯᠳᠠ ᠬᠡᠮ ᠢ ᠪᠥᠬᠦ | ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠡᠯ᠎ᠡ ᠵᠦᠢᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ | ᠠᠷᠭ᠎ᠠ ᠬᠡᠮᠵᠢᠶ᠎ᠡ ᠶᠢ ᠪᠣᠳᠠᠲᠠᠶ ᠪᠠᠷ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠡᠯ᠎ᠡ ᠰᠢᠲᠠᠮᠠᠬᠠᠶ ᠬᠡᠶ | ᠬᠠᠩᠭᠠᠬᠤ ᠠᠵᠤ ᠠᠬᠤᠶᠢᠯᠠᠯ ᠰᠢᠲᠠᠮᠠᠬᠠᠶ ᠬᠡᠶ ᠶᠢᠨ ᠢᠷᠡᠯᠲᠡ ᠶᠢ ᠥᠷᠭᠡᠳᠬᠡᠬᠦ᠂ ᠬᠡᠶ ᠬᠡᠷᠡᠭᠯᠡᠬᠦ ᠶᠢ ᠳᠣᠭᠢᠷᠠᠭᠤᠯᠬᠤ᠂ | ᠣᠷᠭᠢᠯ ᠦᠶ᠎ᠡ ᠶᠢ ᠵᠣᠬᠢᠰᠲᠠᠶ ᠲᠣᠬᠢᠷᠠᠭᠤᠯᠬᠤ ᠶᠢ ᠴᠢᠩᠭᠠᠳᠬᠠᠵᠤ᠂ ᠬᠤᠭᠤᠯᠠᠶ ᠶᠢᠨ ᠲᠣᠤᠷ ᠤᠨ ᠠᠵᠢᠯᠯᠠᠭᠠᠨ ᠤ | ᠠᠮᠤᠷ ᠲᠦᠪᠰᠢᠨ ᠢ ᠪᠠᠲᠤᠯᠠᠵᠤ᠂ ᠶᠡᠭᠡ ᠬᠡᠪᠴᠢᠶ᠎ᠡ ᠪᠠᠷ ᠬᠡᠶ ᠵᠣᠭᠰᠣᠭᠠᠬᠤ ᠠᠴᠠ ᠵᠠᠶᠢᠯᠠᠰᠬᠢᠬᠦ ᠬᠡᠷᠡᠭᠲᠡᠶ᠃ | ᠨᠡᠭᠦᠷᠡᠰᠦᠨ ᠤ ᠪᠤᠰᠤ ᠠᠭᠤᠷᠬᠠᠶ ᠶᠢᠨ ᠲᠠᠯ᠎ᠠ ᠪᠠᠷ᠄ ᠭᠠᠵᠠᠷ ᠳᠣᠤᠷᠠᠬᠢ ᠠᠭᠤᠷᠬᠠᠶ ᠨᠢ ᠬᠤᠳᠳᠤᠭ ᠳᠣᠤᠷ᠎ᠠ | ᠰᠠᠯᠬᠢ ᠨᠡᠪᠲᠡᠷᠡᠭᠦᠯᠬᠦ᠂ ᠭᠠᠯ ᠬᠥᠳᠡᠯᠭᠡᠬᠦ ᠬᠠᠮᠢᠶᠠᠷᠤᠯᠲᠠ ᠪᠠᠨ ᠦᠨᠡᠨᠬᠦ ᠴᠢᠩᠭᠠᠳᠬᠠᠵᠤ᠂ ᠬᠥᠯᠳᠡᠭᠡᠬᠦ ᠶᠢ ᠰᠡᠷᠭᠡᠶᠢᠯᠡᠬᠦ | ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠴᠠᠬᠢᠯᠭᠠᠨ ᠬᠡᠷᠡᠭᠯᠡᠬᠦ ᠶᠢᠨ ᠠᠶᠤᠯ ᠦᠭᠡᠶ ᠶᠢᠨ ᠬᠠᠮᠢᠶᠠᠷᠤᠯᠲᠠ ᠶᠢ | ᠴᠢᠩᠭᠠᠷᠠᠭᠤᠯᠵᠤ᠂ ᠭᠠᠯ ᠤᠨ ᠠᠶᠤᠯ᠂ ᠬᠤᠤᠷᠳᠠᠭᠳᠠᠬᠤ ᠵᠡᠷᠭᠡ ᠠᠳᠡᠯ ᠤᠨ ᠳᠠᠯᠳᠠ ᠭᠡᠮ ᠢ ᠠᠷᠢᠯᠭᠠᠬᠤ ᠬᠡᠷᠡᠭᠲᠡᠶ᠃ | ᠵᠠᠳᠠᠭᠠᠢ ᠠᠭᠤᠷᠬᠠᠢ ᠠᠮᠤᠷ ᠲᠦᠪᠰᠢᠨ ᠤ ᠲᠣᠭᠤᠷᠢᠨ ᠪᠠᠶᠢᠴᠠᠭᠠᠯᠲᠠ ᠶᠢ ᠴᠢᠩᠭᠠᠳᠬᠠᠵᠤ᠂ ᠮᠥᠰᠥ ᠴᠠᠰᠤᠨ ᠤ ᠴᠠᠭ | ᠠᠭᠤᠷ ᠤᠨ ᠲᠡᠷᠭᠡ ᠬᠥᠰᠬᠡ ᠶᠢᠨ ᠬᠠᠯᠲᠤᠷᠢᠬᠤ ᠶᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ | ᠲᠡᠭᠡᠭᠡᠪᠦᠷᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠳᠣᠣᠷ᠎ᠠ ᠳᠤᠯᠠᠭᠠᠨ ᠪᠣᠷᠣᠭᠠᠨ | ᠲᠦᠢᠯ ᠤᠨ ᠮᠠᠭᠤ ᠠᠭᠤᠷ ᠠᠮᠢᠰᠬᠤᠯ ᠠᠴᠠ ᠪᠣᠯᠵᠤ ᠠᠮᠤᠷ ᠲᠦᠪᠰᠢᠨ ᠢ ᠨᠥᠯᠥᠭᠡᠯᠡᠭᠰᠡᠨ ᠪᠠᠶᠢᠪᠠᠯ᠂ ᠠᠵᠢᠯ ᠢᠶᠠᠨ | ᠵᠣᠭᠰᠣᠭᠠᠵᠤ ᠦᠢᠯᠡᠳᠪᠦᠷᠢᠯᠡᠯ ᠢᠶᠠᠨ ᠵᠣᠭᠰᠣᠭᠠᠬᠤ ᠶᠢ ᠡᠷᠡᠰ ᠬᠡᠷᠡᠭᠵᠢᠭᠦᠯᠵᠦ᠂ ᠪᠣᠷᠣᠭᠠᠨ ᠴᠠᠰᠤ ᠮᠥᠰᠥᠲᠦᠯᠭᠡ᠂ | ᠬᠢᠷᠠᠭᠤ ᠬᠦᠯᠳᠡᠬᠦ ᠵᠡᠷᠭᠡ ᠲᠦᠢᠯ ᠤᠨ ᠪᠠᠶᠢᠭᠠᠯᠢ ᠶᠢᠨ ᠭᠠᠮᠰᠢᠭ ᠠᠴᠠ ᠪᠣᠯᠵᠤ ᠡᠭᠦᠰᠦᠮᠡᠯ ᠠᠳᠡᠯ ᠭᠠᠷᠬᠤ ᠶᠢ ᠴᠢᠩᠭ᠎ᠠ | ᠰᠡᠷᠭᠡᠶᠢᠯᠡᠬᠦ ᠬᠡᠷᠡᠭᠲᠡᠶ᠃ | ᠠᠶᠤᠯᠲᠠᠶ ᠬᠢᠮᠢ ᠶᠢᠨ ᠪᠣᠳᠠᠰ ᠤᠨ ᠲᠠᠯ᠎ᠠ ᠪᠠᠷ᠄ ᠦᠢᠯᠡᠳᠪᠦᠷᠢᠯᠡᠯ᠂ ᠲᠡᠭᠡᠭᠡᠪᠦᠷᠢ ᠶᠢᠨ ᠡᠭᠦᠷᠭᠡ ᠪᠠᠨ ᠴᠠᠭ | ᠲᠤᠬᠠᠶ ᠳᠤᠨᠢ ᠲᠣᠬᠢᠷᠠᠭᠤᠯᠵᠤ᠂ ᠦᠢᠯᠡᠳᠪᠦᠷᠢᠯᠡᠯ ᠢ ᠵᠣᠭᠰᠣᠭᠠᠬᠤ᠂ ᠠᠵᠢᠯ ᠡᠬᠢᠯᠡᠭᠦᠯᠬᠦ ᠲᠥᠯᠥᠪᠯᠡᠭᠡ ᠶᠢ ᠡᠮᠬᠢ | ᠵᠢᠷᠤᠮ ᠲᠠᠢ ᠪᠠᠷ ᠲᠣᠬᠢᠷᠠᠭᠤᠯᠵᠤ᠂ ᠬᠥᠯᠳᠡᠬᠦ ᠠᠴᠠ ᠰᠡᠷᠭᠡᠶᠢᠯᠡᠬᠦ ᠳᠤᠯᠠᠭᠠᠨ ᠢ ᠬᠠᠮᠠᠭᠠᠯᠠᠬᠤ᠂ ᠲᠤᠯᠭᠠᠭᠤᠷᠢᠯᠠᠬᠤ | ᠠᠷᠭ᠎ᠠ ᠬᠡᠮᠵᠢᠶ᠎ᠡ ᠶᠢ ᠬᠢᠨᠠᠨ ᠪᠠᠶᠢᠴᠠᠭᠠᠵᠤ᠂ ᠠᠶᠤᠯᠲᠠᠶ ᠬᠢᠮᠢ ᠶᠢᠨ ᠪᠣᠳᠠᠰ ᠢ ᠲᠡᠭᠡᠭᠡᠪᠦᠷᠢᠯᠡᠬᠦ ᠲᠥᠯᠥᠪᠯᠡᠭᠡ ᠳᠤ ᠴᠠᠭ | ᠲᠤᠬᠠᠶ ᠳᠤᠨᠢ ᠲᠣᠬᠢᠷᠠᠭᠤᠯᠤᠯᠲᠠ ᠬᠢᠵᠦ᠂ ᠴᠠᠰᠤᠲᠤ ᠭᠠᠵᠠᠷ᠂ ᠬᠥᠯᠳᠡᠭᠡᠭᠰᠡᠨ ᠣᠷᠣᠨ ᠳᠤ ᠲᠡᠭᠡᠭᠡᠪᠦᠷᠢᠯᠡᠬᠦ ᠠᠴᠠ | ᠵᠠᠶᠢᠯᠠᠰᠬᠢᠬᠦ ᠬᠡᠷᠡᠭᠲᠡᠶ︔ ᠰᠢᠲᠠᠮᠠᠲᠠᠬᠠᠢ ᠳᠡᠯᠪᠡᠷᠡᠮᠡᠲᠡᠭᠡᠶ ᠬᠤᠣᠷᠲᠠᠶ ᠬᠢᠮᠢ ᠶᠢᠨ ᠪᠣᠳᠠᠰ ᠲᠤ ᠬᠤᠯᠪᠣᠭᠳᠠᠬᠤ ᠥᠨᠳᠥᠷ | ᠵᠠᠳᠠᠭᠠᠢ ᠲᠥᠬᠦᠭᠡᠷᠦᠮᠵᠢ ᠶᠢ ᠲᠡᠷᠭᠡ ᠵᠣᠭᠰᠣᠭᠠᠬᠤ᠂ ᠭᠠᠷᠤᠯᠲᠠ ᠶᠢ ᠪᠠᠭᠠᠰᠬᠠᠬᠤ ᠠᠷᠭ᠎ᠠ ᠬᠡᠮᠵᠢᠶ᠎ᠡ ᠠᠪᠬᠤ ᠬᠡᠷᠡᠭᠲᠡᠶ︔ | ᠴᠠᠷᠳᠠᠮᠠᠯ ᠰᠢᠩᠭᠡᠨ ᠬᠠᠳᠠᠭᠠᠯᠠᠬᠤ ᠰᠠᠪᠠ᠂ ᠬᠤᠭᠤᠯᠠᠶ ᠵᠡᠷᠭᠡ ᠳᠤ ᠬᠤᠯᠪᠣᠭᠳᠠᠭᠰᠠᠨ ᠬᠥᠯᠳᠡᠵᠦ ᠬᠠᠭᠠᠷᠠᠬᠤ ᠶᠢ | ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠪᠠᠴᠢᠮ ᠪᠠᠶᠢᠳᠠᠯ ᠢ ᠠᠷᠭᠠᠴᠠᠬᠤ᠂ ᠬᠥᠷᠥᠭᠡᠬᠦ | ᠲᠥᠬᠦᠭᠡᠷᠦᠮᠵᠢ ᠶᠢᠨ ᠰᠠᠭᠠᠳ ᠦᠭᠡᠢ ᠨᠡᠪᠲᠡᠷᠡᠬᠦ ᠶᠢ ᠦᠨᠡᠨ ᠬᠦ ᠪᠠᠲᠤᠯᠠᠬᠤ ᠬᠡᠷᠡᠭᠲᠡᠶ︔ ᠨᠡᠭᠡᠯᠡᠬᠡᠶ᠂ ᠹᠠᠯᠠᠨ | ᠲᠠᠪᠬᠤᠴᠠᠭᠰᠠᠨ ᠬᠡᠰᠡᠭ᠂ ᠪᠢᠲᠡᠭᠦᠮᠵᠢᠯᠡᠭᠰᠡᠨ ᠵᠦᠢᠯᠡᠰ ᠵᠡᠷᠭᠡ ᠬᠡᠰᠡᠭ ᠲᠤ ᠲᠣᠭᠤᠷᠢᠨ ᠪᠠᠶᠢᠴᠠᠭᠠᠬᠤ ᠤᠳᠠᠭ᠎ᠠ ᠶᠢ | ᠨᠡᠮᠡᠭᠳᠡᠭᠦᠯᠵᠦ᠂ ᠯᠡᠪᠡᠷᠡᠭᠰᠡᠨ ᠡ᠊ᠨᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠶ᠃ | ᠲᠡᠮᠦᠷᠯᠢᠭ ᠬᠠᠶᠢᠯᠤᠭᠤᠯᠬᠤ ᠠᠵᠤ ᠦᠢᠯᠡᠳᠪᠦᠷᠢ ᠠᠷᠠᠯᠵᠢᠶᠠᠨ ᠤ ᠲᠠᠯ᠎ᠠ ᠪᠠᠷ᠄ ᠲᠡᠮᠦᠷᠯᠢᠭ ᠬᠠᠶᠢᠯᠤᠭᠤᠯᠬᠤ | ᠨᠡᠭᠦᠷᠡᠰᠦᠨ ᠬᠡᠢ᠂ ᠥᠨᠳᠥᠷ ᠳᠤᠯᠠᠭᠠᠨ ᠬᠠᠶᠢᠯᠤᠭᠰᠠᠨ ᠲᠡᠮᠦᠷᠯᠢᠭ᠂ ᠨᠠᠷᠢᠨ ᠲᠣᠭᠤᠰᠣ ᠳᠡᠯᠪᠡᠷᠡᠯᠲᠡ ᠳᠤ | ᠬᠤᠯᠪᠣᠭᠳᠠᠬᠤ᠂ ᠰᠢᠪᠲᠦᠷ ᠲᠠᠢ ᠬᠤᠯᠪᠣᠭᠳᠠᠬᠤ᠂ ᠬᠢᠵᠠᠭᠠᠷ ᠲᠠᠢ ᠣᠷᠣᠨ ᠵᠠᠶ ᠳᠤ ᠠᠵᠢᠯᠯᠠᠬᠤ ᠵᠡᠷᠭᠡ ᠬᠦᠷᠢᠶᠡᠨ ᠤ | ᠠᠮᠤᠷ ᠲᠦᠪᠰᠢᠨ ᠤ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠪᠠ ᠳᠠᠯᠳᠠ ᠭᠡᠮ ᠢ ᠵᠠᠰᠠᠬᠤ ᠶᠢ ᠴᠢᠩᠭᠠᠳᠬᠠᠬᠤ | ᠬᠡᠷᠡᠭᠲᠡᠶ᠃ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠦᠢᠯᠡᠳᠪᠦᠷᠢᠯᠡᠯ ᠤᠨ ᠲᠥᠬᠦᠭᠡᠷᠦᠮᠵᠢ᠂ ᠬᠤᠭᠤᠯᠠᠶ ᠶᠢᠨ | ᠲᠥᠬᠦᠭᠡᠷᠦᠮᠵᠢ ᠶᠢᠨ ᠬᠥᠯᠳᠡᠬᠦ ᠶᠢ ᠰᠡᠷᠭᠡᠶᠢᠯᠡᠨ ᠳᠤᠯᠠᠭᠠᠨ ᠢ ᠬᠠᠮᠠᠭᠠᠯᠠᠬᠤ ᠠᠵᠢᠯ ᠢ ᠰᠠᠶᠢᠲᠤᠷ ᠬᠢᠵᠦ᠂ | ᠲᠥᠬᠦᠭᠡᠷᠦᠮᠵᠢ᠂ ᠪᠡᠯᠡᠳᠬᠡᠮᠵᠢ ᠪᠣᠯᠤᠨ ᠬᠤᠭᠤᠯᠠᠶ ᠶᠢᠨ ᠬᠥᠯᠳᠡᠵᠦ ᠬᠠᠭᠠᠷᠠᠭᠰᠠᠨ ᠵᠢᠴᠢ ᠪᠣᠳᠠᠰ ᠤᠨ ᠯᠡᠪᠡᠷᠡᠬᠦ ᠠᠴᠠ | ᠪᠣᠯᠤᠭᠰᠠᠨ ᠠᠳᠡᠯ ᠭᠠᠷᠬᠤ ᠶᠢ ᠰᠡᠷᠭᠡᠶᠢᠯᠡᠨ ᠬᠤᠷᠢᠭᠯᠠᠬᠤ ᠬᠡᠷᠡᠭᠲᠡᠶ᠃ | ᠭᠠᠯ ᠤᠨᠲᠠᠷᠠᠭᠠᠬᠤ ᠠᠮᠤᠷ ᠲᠦᠪᠰᠢᠨ ᠤ ᠲᠠᠯ᠎ᠠ ᠪᠠᠷ᠄ ᠳᠣᠣᠷ᠎ᠠ ᠳᠤᠯᠠᠭᠠᠨ ᠮᠥᠰᠥ ᠴᠠᠰᠤᠨ ᠤ ᠬᠦᠢᠲᠡᠨ | ᠠᠭᠤᠷ ᠠᠮᠢᠰᠬᠤᠯ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠴᠠᠬᠢᠯᠭᠠᠨ ᠬᠡᠷᠡᠭᠯᠡᠬᠦ ᠬᠡᠮᠵᠢᠶ᠎ᠡ ᠲᠦᠷᠭᠡᠨ | ᠨᠡᠮᠡᠭᠳᠡᠵᠦ᠂ ᠡᠯ᠎ᠡ ᠵᠦᠢᠯ ᠤᠨ ᠭᠠᠯ ᠤᠨ ᠠᠶᠤᠯ ᠠᠳᠡᠯ ᠥᠳᠥᠭᠡᠬᠦ ᠬᠦᠴᠦᠨ ᠵᠦᠢᠯ ᠣᠯᠠᠰᠢᠷᠠᠵᠤ᠂ | ᠬᠤᠳᠠᠯᠳᠤᠭᠠᠨ ᠤ ᠲᠠᠯᠠᠪᠤᠷ᠂ ᠬᠡᠲᠦ ᠳᠡᠯᠭᠡᠭᠦᠷ᠂ ᠵᠣᠴᠢᠳ ᠤᠨ ᠪᠠᠭᠤᠳᠠᠯ᠂ ᠬᠤᠭᠤᠯᠠᠨ ᠭᠡᠷ᠂ ᠲᠡᠷᠭᠡᠨ ᠥᠷᠲᠡᠭᠡ᠂ | ᠰᠦᠯᠵᠢᠶᠡᠨ ᠤ ᠪᠠᠭᠠᠷ᠂ ᠬᠠᠭᠤᠴᠢᠨ ᠣᠷᠣᠨ ᠰᠠᠭᠤᠴᠠ᠂ ︽ᠬᠤᠲᠠ ᠶᠢᠨ ᠳᠤᠮᠳᠠᠬᠢ ᠲᠣᠰᠬᠤᠨ︾᠂ ︽ᠣᠯᠠᠨ | ᠵᠦᠢᠯ ᠢ ᠨᠢᠭᠡᠳᠬᠡᠭᠰᠡᠨ︾ ᠵᠡᠷᠭᠡ ᠬᠥᠮᠦᠨ ᠣᠯᠠᠨ ᠴᠤᠭᠯᠠᠷᠠᠬᠤ ᠭᠠᠵᠠᠷ ᠲᠠᠯᠠᠪᠤᠷ ᠤᠨ ᠭᠠᠯ ᠤᠨᠲᠠᠷᠠᠭᠠᠬᠤ ᠠᠮᠤᠷ | ᠲᠦᠪᠰᠢᠨ ᠤ ᠪᠠᠶᠢᠴᠠᠭᠠᠯᠲᠠ ᠶᠢ ᠴᠢᠩᠭᠠᠳᠬᠠᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢᠨ | ᠳᠦᠷᠢᠮ ᠢ ᠬᠢᠨᠠᠮᠠᠭᠠᠶ ᠨᠠᠶᠢᠳᠠᠪᠤᠷᠢᠵᠢᠭᠤᠯᠵᠤ᠂ ᠬᠠᠤᠯᠢ ᠪᠤᠰᠤ ᠪᠠᠷ ᠭᠠᠯ ᠤᠨᠲᠠᠷᠠᠭᠠᠬᠤ᠂ ᠴᠠᠬᠢᠯᠭᠠᠨ ᠬᠡᠷᠡᠭᠰᠡᠯ ᠤᠨ | ᠲᠥᠬᠦᠭᠡᠷᠦᠮᠵᠢ ᠶᠢ ᠬᠡᠲᠦᠷᠡᠲᠡᠯ᠎ᠡ ᠬᠡᠷᠡᠭᠯᠡᠬᠦ ᠶᠢ ᠴᠢᠩᠭ᠎ᠠ ᠬᠤᠷᠢᠭᠯᠠᠵᠤ᠂ ᠠᠮᠤᠷ ᠲᠦᠪᠰᠢᠨ ᠤ ᠳᠠᠯᠳᠠ ᠭᠡᠮ ᠢ ᠦᠨᠡᠨᠬᠦ | ᠠᠷᠢᠯᠭᠠᠵᠤ᠂ ᠭᠠᠯ ᠤᠨ ᠠᠶᠤᠯ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠶ᠃ | ᠲᠣᠰᠣ ᠬᠡᠢ ᠶᠢᠨ ᠬᠤᠯᠠ ᠳᠠᠮᠵᠢᠭᠤᠯᠬᠤ ᠬᠤᠭᠤᠯᠠᠶ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ᠂ | ᠰᠤᠷᠭᠠᠨ ᠬᠥᠮᠦᠵᠢᠯ᠂ ᠵᠢᠭᠤᠯᠴᠢᠯᠠᠯ᠂ ᠠᠷᠠᠳ ᠤᠨ ᠬᠡᠷᠡᠭᠯᠡᠭᠡᠨ ᠤ ᠳᠡᠯᠪᠡᠷᠡᠯᠲᠡ᠂ ᠴᠠᠬᠢᠯᠭᠠᠨ ᠬᠦᠴᠦᠨ᠂ ᠤᠰᠤ | ᠬᠠᠩᠭᠠᠬᠤ ᠵᠡᠷᠭᠡ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶ᠎ᠡ ᠴᠠᠷᠠᠭ᠎ᠠ ᠳᠤ ᠴᠤ ᠪᠡᠯᠡᠳᠬᠡᠯ ᠲᠥᠰᠦᠯ ᠤᠨ | ᠱᠠᠭᠠᠷᠳᠠᠯᠭ᠎ᠠ ᠶᠣᠰᠣᠭᠠᠷ᠂ ᠵᠣᠬᠢᠶᠠᠨ ᠪᠠᠶᠢᠭᠤᠯᠬᠤ ᠠᠵᠢᠯᠲᠠᠨ᠂ ᠡᠳ᠋ ᠪᠣᠳᠠᠰ ᠵᠡᠷᠭᠡ ᠪᠠᠴᠢᠮ ᠪᠠᠶᠢᠳᠠᠯ ᠢ ᠠᠷᠭᠠᠴᠠᠬᠤ | ᠪᠡᠯᠡᠳᠬᠡᠯ ᠠᠵᠢᠯ ᠢ ᠬᠢᠨᠠᠮᠠᠭᠠᠶ ᠰᠠᠶᠢᠲᠤᠷ ᠬᠢᠵᠦ᠂ ᠠᠶᠤᠯ ᠥᠬᠡᠶ ᠦᠢᠯᠡᠳᠪᠦᠷᠢᠯᠡᠯ ᠤᠨ ᠠᠷᠭ᠎ᠠ ᠬᠡᠮᠵᠢᠶ᠎ᠡ ᠶᠢ ᠪᠥᠬᠦ | ᠲᠠᠯ᠎ᠠ ᠪᠠᠷ ᠨᠠᠶᠢᠳᠠᠪᠤᠷᠢᠵᠢᠭᠤᠯᠤᠨ᠂ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠡᠯ᠎ᠡ ᠲᠥᠷᠥᠯ ᠤᠨ | ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠢ ᠪᠦᠲᠦᠮᠵᠢᠲᠡᠶ ᠰᠡᠷᠭᠡᠶᠢᠯᠡᠬᠦ ᠬᠡᠷᠡᠭᠲᠡᠶ᠃ | ᠳᠥᠷᠪᠡ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠡᠯ᠎ᠡ ᠵᠦᠢᠯ ᠤᠨ | ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠨ᠎ᠡ | ᠡᠯ᠎ᠡ ᠭᠠᠵᠠᠷ᠂ ᠡᠯ᠎ᠡ ᠰᠠᠯᠠᠭ᠎ᠠ ᠮᠥᠴᠢᠷ ᠤᠳ ᠡᠯ᠎ᠡ ᠲᠥᠷᠥᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ | ᠲᠥᠰᠦᠯ ᠪᠣᠯᠤᠨ ᠰᠠᠯᠠᠭ᠎ᠠ ᠮᠥᠴᠢᠷ ᠤᠨ ᠪᠠᠴᠢᠮ ᠪᠠᠶᠢᠳᠠᠯ ᠢ ᠠᠷᠭᠠᠴᠠᠬᠤ ᠶᠢᠨ ᠬᠠᠮᠲᠤᠷᠠᠨ ᠬᠥᠳᠡᠯᠦᠯᠴᠡᠬᠦ | ᠲᠣᠭᠲᠠᠴᠠ ᠶᠢ ᠡᠮᠬᠢᠯᠡᠨ ᠲᠡᠭᠦᠯᠳᠡᠷᠵᠢᠭᠦᠯᠵᠦ᠂ ᠵᠣᠬᠢᠴᠠᠯᠳᠤᠨ ᠨᠡᠪᠲᠡᠷᠡᠯᠴᠡᠬᠦ ᠪᠠᠨ ᠴᠢᠩᠭᠠᠳᠬᠠᠨ᠂ ᠨᠢᠭᠲᠠ | ᠬᠠᠮᠵᠢᠯᠴᠠᠵᠤ᠂ ᠨᠡᠶᠢᠯᠡᠮᠡᠯ ᠬᠦᠴᠦᠨ ᠢ ᠪᠣᠶ ᠪᠣᠯᠭᠠᠬᠤ ᠬᠡᠷᠡᠭᠲᠡᠶ᠃ | ︵ᠨᠢᠭᠡ︶ ᠲᠠᠷᠢᠶᠠᠯᠠᠩ ᠮᠠᠯ ᠠᠵᠤ ᠠᠬᠤᠶ ᠶᠢᠨ ᠬᠦᠷᠢᠶ᠎ᠡ ᠴᠠᠷᠠᠭ᠎ᠠ ᠶᠢᠨ ᠰᠡᠷᠭᠡᠶᠢᠯᠡᠯᠲᠡ ᠶᠢ ᠴᠢᠩᠭᠠᠳᠬᠠᠨ᠎ᠠ᠃ | ᠲᠥᠬᠦᠭᠡᠷᠦᠮᠵᠢᠲᠦ ᠲᠠᠷᠢᠶᠠᠯᠠᠩ ᠤᠨ ᠲᠠᠯ᠎ᠠ ᠪᠠᠷ᠂ ᠲᠠᠷᠢᠶᠠᠨ ᠭᠠᠵᠠᠷ ᠤᠨ ᠲᠥᠬᠦᠭᠡᠷᠦᠮᠵᠢᠲᠦ ᠲᠠᠷᠢᠮᠠᠯ ᠤᠨ | ᠦᠢᠯᠡᠳᠪᠦᠷᠢᠯᠡᠭᠰᠡᠨ ᠰᠠᠯᠬᠢ ᠶᠢ ᠰᠡᠷᠭᠡᠶᠢᠯᠡᠵᠦ ᠬᠥᠯᠳᠡᠬᠦ ᠶᠢ ᠰᠡᠷᠭᠡᠶᠢᠯᠡᠬᠦ ᠪᠡᠯᠡᠳᠬᠡᠯ ᠢ ᠤᠷᠢᠳᠴᠢᠯᠠᠨ ᠰᠠᠶᠢᠲᠤᠷ ᠬᠢᠵᠦ᠂ | ᠰᠠᠷᠠᠪᠴᠢ ᠶᠢᠨ ᠵᠢᠶᠠᠰᠠ ᠶᠢ ᠪᠥᠬᠦ ᠲᠠᠯ᠎ᠠ ᠪᠠᠷ ᠪᠠᠶᠢᠴᠠᠭᠠᠵᠤ᠂ ᠪᠦᠷᠬᠦᠭᠦᠯ ᠤᠨ ᠱᠤᠭᠤᠮ ᠢ ᠪᠠᠬᠢᠵᠢᠭᠦᠯᠵᠦ᠂ | ᠰᠠᠷᠠᠪᠴᠢ ᠶᠢᠨ ᠪᠦᠷᠬᠦᠭᠦᠯ᠂ ᠳᠤᠯᠠᠭᠠᠨ ᠢ ᠬᠠᠮᠠᠭᠠᠯᠠᠬᠤ ᠪᠦᠷᠬᠦᠭᠦᠯ ︵ᠣᠷᠬᠢᠭᠤᠯ︶ ᠢ ᠪᠠᠶᠢᠴᠠᠭᠠᠵᠤ᠂ ᠬᠦᠯᠡᠮᠵᠢ ᠶᠢᠨ | ᠬᠦᠢᠲᠡᠨ ᠳᠤ ᠲᠡᠰᠪᠦᠷᠢᠲᠡᠢ ᠲᠡᠮᠡᠴᠡᠬᠦ ᠴᠢᠳᠠᠪᠤᠷᠢ ᠶᠢ ᠨᠡᠮᠡᠭᠳᠡᠭᠦᠯᠬᠦ ᠬᠡᠷᠡᠭᠲᠡᠢ᠃ ᠮᠠᠯ ᠠᠵᠤ ᠠᠬᠤᠢ ᠶᠢᠨ | ᠦᠢᠯᠡᠳᠪᠦᠷᠢᠯᠡᠯ ᠤᠨ ᠲᠠᠯ᠎ᠠ ᠪᠠᠷ᠂ ᠮᠠᠯ ᠠᠵᠤ ᠠᠬᠤᠢ ᠶᠢᠨ ᠲᠡᠵᠢᠭᠡᠨ ᠦᠷᠡᠵᠢᠭᠦᠯᠬᠦ ᠠᠵᠤ ᠠᠬᠤᠶᠢᠯᠠᠯ ᠪᠠ | ᠲᠠᠷᠢᠶᠠᠴᠢᠨ ᠡᠷᠦᠬᠡ ᠶᠢ ᠵᠣᠬᠢᠶᠠᠨ ᠪᠠᠶᠢᠭᠤᠯᠤᠨ ᠮᠠᠯ ᠠᠵᠤ ᠠᠬᠤᠢ ᠶᠢᠨ ᠫᠧᠩ ᠬᠠᠰᠢᠶ᠎ᠠ ︵ᠰᠠᠷᠠᠪᠴᠢ︶ ᠶᠢ | ᠤᠷᠢᠳᠴᠢᠯᠠᠨ ᠪᠠᠬᠢᠵᠢᠭᠦᠯᠵᠦ᠂ ᠲᠡᠵᠢᠭᠡᠯ ᠡᠪᠡᠰᠦ ᠪᠣᠷᠳᠣᠭᠠᠨ ᠤ ᠬᠥᠮᠥᠷᠭᠡ᠂ ᠰᠠᠩ ᠬᠥᠮᠥᠷᠭᠡ ᠵᠢᠴᠢ ᠪᠤᠰᠤᠳ | ᠬᠠᠮᠢᠶ᠎ᠠ ᠪᠦᠬᠦᠢ ᠪᠡᠯᠡᠳᠬᠡᠮᠵᠢ ᠴᠠᠭ ᠲᠤᠬᠠᠶ ᠳᠤᠨᠢ ᠳᠤᠯᠠᠭᠠᠯᠠᠵᠤ ᠬᠥᠯᠳᠡᠬᠦ ᠶᠢ ᠰᠡᠷᠭᠡᠶᠢᠯᠡᠬᠦ ᠠᠷᠭ᠎ᠠ ᠬᠡᠮᠵᠢᠶ᠎ᠡ ᠠᠪᠴᠤ᠂ | ᠲᠡᠵᠢᠭᠡᠯ ᠪᠣᠷᠳᠤᠭ᠎ᠠ ᠲᠦᠯᠡᠰᠢ ᠬᠠᠩᠭᠠᠬᠤ ᠶᠢ ᠦᠨᠡᠨᠬᠦ ᠪᠠᠲᠤᠯᠠᠵᠤ᠂ ᠲᠠᠷᠢᠶᠠᠴᠢᠳ ᠢ ᠠᠭᠤᠯᠠᠷᠬᠠᠭ ᠣᠷᠣᠨ ᠳᠤ ᠮᠠᠯ | ᠬᠠᠷᠢᠭᠤᠯᠬᠤ ᠶᠢ ᠠᠯᠢ ᠴᠢᠳᠠᠬᠤ ᠪᠠᠷ ᠪᠠᠭᠠᠰᠬᠠᠬᠤ ᠬᠡᠷᠡᠭᠲᠡᠶ᠃ | ︵ᠬᠤᠶᠠᠷ︶ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠯᠲᠡ ᠶᠢ ᠴᠢᠩᠭᠠᠳᠬᠠᠨ᠎ᠠ᠃ ᠣᠶ ᠰᠢᠭᠤᠶ | ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ | ᠦᠷᠭᠦᠯᠵᠢᠯᠡᠨ ᠪᠠᠬᠢᠵᠢᠭᠦᠯᠦᠨ᠎ᠡ᠃ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠵᠥᠪᠳᠡᠯᠴᠡᠨ ᠰᠤᠳᠤᠯᠤᠨ | ᠮᠠᠭᠠᠳᠯᠠᠬᠤ ᠶᠢ ᠴᠢᠩᠭᠠᠳᠬᠠᠵᠤ᠂ ᠤᠢ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠤᠨ ᠴᠠᠭ ᠠᠭᠤᠷ ᠤᠨ | ᠤᠷᠢᠳᠴᠢᠯᠠᠭᠰᠠᠨ ᠮᠡᠳᠡᠭᠡ ᠪᠠ ᠭᠠᠯ ᠤᠨ ᠠᠶᠤᠯ ᠶᠡᠬᠡᠲᠡᠢ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ | ᠲᠤᠬᠠᠢ ᠳᠤᠨᠢ ᠨᠡᠶᠢᠲᠡᠯᠡᠵᠦ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠭᠠᠯ ᠤᠨ ᠠᠶᠤᠯ ᠤᠨ ᠴᠠᠭ ᠠᠭᠤᠷ ᠢ | ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠰᠠᠶᠢᠲᠤᠷ ᠬᠢᠵᠦ᠂ ᠭᠠᠯ ᠤᠨ ᠪᠠᠶᠢᠳᠠᠯ ᠢ ᠬᠢᠨᠠᠨ | ᠬᠡᠮᠵᠢᠬᠦ ᠪᠦᠷᠬᠦᠴᠡ ᠶᠢᠨ ᠨᠤᠷᠮ᠎ᠠ᠂ ᠬᠢᠨᠠᠨ ᠪᠠᠶᠢᠴᠠᠭᠠᠵᠤ ᠬᠠᠷᠢᠭᠤ ᠲᠤᠰᠬᠠᠬᠤ ᠨᠤᠷᠮ᠎ᠠ ᠶᠢ ᠦᠷᠭᠦᠯᠵᠢᠯᠡᠨ | ᠳᠡᠭᠡᠭᠰᠢᠯᠡᠭᠦᠯᠬᠦ ᠬᠡᠷᠡᠭᠲᠡᠢ᠃ ᠬᠠᠷᠢᠶ᠎ᠠ ᠭᠠᠵᠠᠷ᠂ ᠰᠠᠯᠠᠭ᠎ᠠ ᠮᠥᠴᠢᠷ᠂ ᠨᠢᠭᠡᠴᠢ᠂ ᠬᠤᠪᠢ ᠬᠥᠮᠦᠨ ᠤ ︽ᠳᠥᠷᠪᠡᠨ | ᠲᠠᠯ᠎ᠠ︾ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠡᠭᠡᠷ᠎ᠡ ᠶᠢᠨ ᠭᠠᠯ ᠤᠨ ᠢᠷᠡᠯᠲᠡ ᠶᠢ ᠬᠠᠮᠢᠶᠠᠷᠤᠨ | ᠡᠵᠡᠮᠳᠡᠬᠦ ᠶᠢ ᠴᠢᠩᠳᠠᠯᠠᠵᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠮᠡᠳᠡᠭᠡ ᠵᠠᠩᠭᠢ ᠶᠢ ᠱᠠᠲᠤ | ᠬᠤᠪᠢᠶᠠᠨ ᠮᠡᠳᠡᠭᠦᠯᠬᠦ᠂ ᠭᠠᠯ ᠪᠠᠶᠢᠪᠠᠯ ᠵᠠᠪᠠᠯ ᠮᠡᠳᠡᠭᠦᠯᠬᠦ ᠲᠦᠷᠢᠮ ᠪᠠ ᠴᠢᠬᠤᠯᠠ ᠴᠠᠭ ᠡᠳᠦᠷ ᠤᠨ ᠮᠡᠳᠡᠭᠦᠯᠦᠯᠲᠡ᠂ | ᠮᠡᠳᠡᠭᠦᠯᠬᠦ ᠥᠬᠡᠶ ᠪᠠᠶᠢᠬᠤ ᠲᠦᠷᠢᠮ ᠢ ᠴᠢᠩᠭ᠎ᠠ ᠬᠡᠷᠡᠭᠵᠢᠭᠦᠯᠵᠦ᠂ ᠵᠠᠰᠠᠭ ᠤᠨ ᠵᠠᠷᠯᠢᠭ ᠤᠨ ᠮᠡᠳᠡᠭᠡ ᠵᠠᠩᠭᠢ ᠶᠢᠨ | ᠰᠠᠭᠠᠳ ᠥᠬᠡᠶ ᠨᠡᠪᠲᠡᠷᠡᠬᠦ ᠶᠢ ᠦᠨᠡᠨᠬᠦ ᠪᠠᠲᠤᠯᠠᠬᠤ ᠬᠡᠷᠡᠭᠲᠡᠶ᠃ ᠣᠷᠣᠨ ᠨᠤᠲᠤᠭ ᠤᠨ ᠭᠠᠯ ᠤᠨᠲᠠᠷᠠᠭᠠᠬᠤ | ᠡᠩᠨᠡᠭᠡ ᠶᠢᠨ ᠪᠣᠯᠪᠠᠰᠤᠷᠠᠯ ᠰᠣᠷᠢᠯᠲᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠣᠶ ᠰᠢᠭᠤᠶ ᠨᠤᠲᠤᠭ | ᠪᠡᠯᠴᠢᠭᠡᠷ ᠤᠨ ᠭᠠᠯ ᠤᠨ ᠠᠶᠤᠯ ᠢ ᠡᠷᠲᠡ ᠰᠢᠢᠳᠪᠦᠷᠢᠯᠡᠬᠦ ᠴᠢᠳᠠᠪᠤᠷᠢ ᠪᠠ ᠠᠮᠤᠷ ᠲᠦᠪᠰᠢᠨ ᠢᠶᠠᠷ ᠭᠠᠯ ᠤᠨᠲᠠᠷᠠᠭᠠᠬᠤ | ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠡᠯ᠎ᠡ ᠭᠠᠵᠠᠷ ᠢ ᠵᠢᠯᠣᠭᠤᠳᠤᠨ ᠡᠳ᠋ ᠪᠣᠳᠠᠰ ᠨᠥᠭᠡᠴᠡᠯᠡᠬᠦ ᠪᠠ | ᠲᠣᠨᠤᠭ ᠲᠥᠬᠦᠭᠡᠷᠦᠮᠵᠢ ᠶᠢ ᠪᠠᠶᠢᠴᠠᠭᠠᠨ ᠵᠠᠰᠠᠬᠤ ᠶᠢ ᠴᠢᠩᠭᠠᠳᠬᠠᠵᠤ᠂ ᠲᠣᠭᠤᠷᠢᠨ ᠪᠠᠶᠢᠴᠠᠭᠠᠬᠤ ᠡᠷᠴᠢᠮ ᠢᠶᠠᠨ | ᠴᠢᠩᠭᠠᠷᠠᠭᠤᠯᠤᠨ᠂ ᠬᠥᠷᠰᠢ ᠵᠡᠷᠭᠡᠯᠡᠳᠡᠭᠡ ᠭᠠᠵᠠᠷ ᠣᠷᠣᠨ ᠤ ᠬᠤᠭᠤᠷᠣᠨᠳᠣᠬᠢ ᠬᠤᠯᠪᠣᠭᠠᠯᠠᠨ ᠰᠡᠷᠭᠡᠶᠢᠯᠡᠵᠦ | ᠬᠤᠯᠪᠣᠭᠠᠯᠠᠨ ᠡᠵᠡᠮᠳᠡᠬᠦ ᠶᠢ ᠤᠯᠠᠮ ᠨᠢᠭᠡ ᠠᠯᠬᠤᠮ ᠴᠢᠩᠭᠠᠳᠬᠠᠨ᠎ᠠ᠃ | ︵ᠭᠤᠷᠪᠠ︶ ᠣᠯᠠᠨ ᠲᠦᠮᠡᠨ ᠤ ᠠᠮᠢᠳᠤᠷᠠᠯ ᠤᠨ ᠪᠠᠲᠤᠯᠠᠭ᠎ᠠ ᠶᠢ ᠴᠢᠩᠭᠠᠳᠬᠠᠨ᠎ᠠ᠃ ᠡᠯ᠎ᠡ ᠭᠠᠵᠠᠷ ᠣᠷᠣᠨ᠂ | ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠬᠤᠲᠠ ᠬᠥᠳᠡᠭᠡ ᠶᠢᠨ ᠡᠯ᠎ᠡ ᠵᠦᠢᠯ ᠤᠨ ᠰᠠᠭᠤᠷᠢ | ᠪᠡᠯᠡᠳᠬᠡᠮᠵᠢ ᠶᠢᠨ ᠠᠶᠤᠯ ᠦᠭᠡᠶ ᠶᠢᠨ ᠪᠠᠶᠢᠴᠠᠭᠠᠯᠲᠠ ᠪᠣᠯᠤᠨ ᠰᠠᠭᠠᠳ ᠭᠡᠮ ᠢ ᠱᠠᠯᠠᠪᠳᠠᠨ ᠵᠠᠰᠠᠬᠤ ᠪᠠᠨ | ᠴᠢᠩᠭᠠᠳᠬᠠᠵᠤ᠂ ᠳᠣᠤᠷ᠎ᠠ ᠳᠤᠯᠠᠭᠠᠨ ᠪᠠ ᠪᠣᠷᠣᠭᠠᠨ ᠴᠠᠰᠤ ᠲᠠᠢ ᠴᠠᠭ ᠠᠭᠤᠷ ᠤᠨ ᠴᠠᠬᠢᠯᠭᠠᠨ ᠬᠦᠴᠦᠨ᠂ ᠴᠢᠮᠡᠭᠡ | ᠬᠤᠯᠪᠣᠭ᠎ᠠ᠂ ᠤᠰᠤ ᠬᠠᠩᠭᠠᠬᠤ᠂ ᠬᠡᠢ ᠬᠠᠩᠭᠠᠬᠤ ᠪᠡᠯᠡᠳᠬᠡᠮᠵᠢ ᠶᠢᠨ ᠨᠥᠯᠥᠭᠡ ᠠᠴᠠ ᠰᠡᠷᠭᠡᠶᠢᠯᠡᠨ᠂ ᠪᠣᠷᠣᠭᠠᠨ ᠴᠠᠰᠤ | ᠣᠷᠣᠵᠤ ᠠᠭᠠᠷ ᠤᠨ ᠳᠤᠯᠠᠭᠠᠨ ᠪᠠᠭᠤᠷᠠᠬᠤ ᠵᠡᠷᠭᠡ ᠭᠠᠮᠰᠢᠭ ᠲᠠᠢ ᠴᠠᠭ ᠠᠭᠤᠷ ᠤᠨ ᠪᠠᠶᠢᠳᠠᠯ ᠤᠨ ᠳᠣᠤᠷ᠎ᠠ ᠣᠯᠠᠨ | ᠲᠦᠮᠡᠨ ᠤ ᠠᠮᠢᠳᠤᠷᠠᠯ ᠤᠨ ᠬᠡᠪ ᠤᠨ ᠪᠠ ᠠᠮᠤᠷ ᠲᠦᠪᠰᠢᠨ ᠢ ᠪᠠᠲᠤᠯᠠᠬᠤ ᠬᠡᠷᠡᠭᠲᠡᠶ᠃ ᠬᠥᠳᠡᠭᠡ ᠲᠣᠰᠬᠤᠨ ᠤ | ᠳᠤᠮᠳᠠᠳᠤ ᠪᠠᠭ᠎ᠠ ᠰᠤᠷᠭᠠᠭᠤᠯᠢ ᠶᠢᠨ ᠭᠡᠷ ᠪᠠᠶᠢᠰᠢᠩ᠂ ᠡᠷᠡᠭᠦᠯ ᠬᠠᠮᠠᠭᠠᠯᠠᠯ ᠤᠨ ᠬᠤᠷᠢᠶ᠎ᠠ᠂ ᠨᠠᠰᠤᠲᠠᠨ ᠠᠰᠠᠷᠠᠬᠤ | ᠬᠦᠷᠢᠶᠡᠯᠡᠩ᠂ ᠨᠤᠷᠠᠬᠤ ᠠᠶᠤᠯ ᠲᠠᠢ ᠬᠠᠭᠤᠴᠢᠨ ᠭᠡᠷ ᠪᠠᠶᠢᠰᠢᠩ᠂ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ᠂ | ᠪᠠᠷᠢᠯᠭ᠎ᠠ ᠶᠢᠨ ᠠᠵᠢᠯ ᠤᠨ ᠰᠠᠷᠠᠪᠴᠢ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠥᠷᠲᠡᠭᠡ ᠵᠡᠷᠭᠡ ᠲᠠᠯᠠᠪᠤᠷ | ᠭᠠᠵᠠᠷ ᠲᠤ ᠪᠦᠬᠦ ᠲᠠᠯ᠎ᠠ ᠶᠢᠨ ᠪᠠᠶᠢᠴᠠᠭᠠᠯᠲᠠ ᠬᠢᠵᠦ᠂ ᠳᠠᠷᠤᠯᠲᠠ ᠶᠢ ᠡᠰᠡᠷᠭᠦᠴᠡᠬᠦ ᠬᠦᠴᠦᠯᠡᠴᠡ ᠨᠢ ᠳᠣᠤᠷ᠎ᠠ᠂ | ᠲᠣᠭᠲᠠᠭᠤᠨ ᠪᠥᠭᠡᠳ ᠪᠠᠷᠤᠭᠲᠠᠶ ᠬᠠᠭᠤᠴᠢᠨ ᠪᠠᠷᠢᠯᠭ᠎ᠠ᠂ ᠥᠩᠭᠡᠲᠦ ᠪᠣᠯᠣᠳ ᠬᠠᠪᠲᠠᠰᠤᠨ ᠭᠡᠷ᠂ ᠲᠦᠷ ᠴᠠᠭ ᠤᠨ | ᠪᠠᠷᠢᠯᠭ᠎ᠠ ᠵᠡᠷᠭᠡ ᠳᠤ ᠨᠤᠷᠠᠬᠤ ᠠᠴᠠ ᠰᠡᠷᠭᠡᠶᠢᠯᠡᠬᠦ ᠪᠠᠬᠢᠵᠢᠭᠦᠯᠦᠯᠲᠡ ᠬᠢᠵᠦ᠂ ᠬᠥᠮᠦᠨ ᠢ ᠵᠠᠶᠢᠯᠠᠭᠤᠯᠬᠤ᠂ ᠬᠡᠷᠡᠭᠯᠡᠬᠦ ᠶᠢ | ᠬᠤᠷᠢᠭᠯᠠᠬᠤ ᠫᠠᠶᠢᠰᠠ ᠡᠯᠭᠦᠬᠦ ᠶᠢ ᠬᠡᠷᠡᠭᠵᠢᠭᠦᠯᠵᠦ᠂ ᠬᠥᠮᠦᠨ ᠦᠬᠦᠵᠦ ᠰᠢᠷᠬᠠᠲᠤᠬᠤ ᠠᠳᠡᠯ ᠭᠠᠷᠬᠤ ᠶᠢ ᠴᠢᠩᠭ᠎ᠠ | ᠰᠡᠷᠭᠡᠶᠢᠯᠡᠬᠦ ᠬᠡᠷᠡᠭᠲᠡᠶ᠃ ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ ᠠᠮᠤᠷ ᠲᠦᠪᠰᠢᠨ ᠤ ᠬᠡᠮ ᠰᠣᠭᠤᠭ ᠢ | ᠵᠢᠭᠰᠠᠭᠠᠨ ᠪᠠᠶᠢᠴᠠᠭᠠᠬᠤ ᠪᠠ ᠤᠬᠠᠭᠤᠯᠭ᠎ᠠ ᠬᠥᠮᠦᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠭᠠᠷᠠᠭ ᠤᠨ | ᠰᠡᠭᠦᠯᠴᠢ᠂ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠵᠡᠷᠭᠡ ᠭᠤᠤᠯᠳᠠᠯᠭ᠎ᠠ ᠲᠠᠢ ᠴᠠᠭ ᠬᠤᠭᠤᠴᠠᠭ᠎ᠠ ᠶᠢ | ᠳᠣᠪᠤᠶᠢᠯᠭᠠᠨ᠂ ᠥᠨᠥᠴᠢᠨ ᠪᠡᠯᠪᠡᠰᠦᠨ ᠨᠠᠰᠤᠲᠠᠨ᠂ ᠬᠡᠷ ᠲᠡᠭᠡᠨ ᠬᠤᠴᠣᠷᠤᠭᠰᠠᠨ ᠬᠡᠤᠬᠡᠳ᠂ ᠭᠠᠳᠠᠭᠰᠢ ᠭᠠᠷᠴᠤ | ᠬᠥᠯᠥᠰᠥᠨ ᠠᠵᠢᠯ ᠬᠢᠵᠦ ᠨᠤᠲᠤᠭ ᠲᠠᠭᠠᠨ ᠪᠤᠴᠠᠭᠰᠠᠨ ᠬᠥᠮᠦᠰ ᠵᠡᠷᠭᠡ ᠭᠤᠤᠯᠳᠠᠯᠭ᠎ᠠ ᠲᠠᠢ ᠬᠥᠮᠦᠰ ᠤᠨ | ᠲᠣᠭᠤᠷᠢᠨ ᠳᠤ ᠵᠢᠭᠰᠠᠭᠠᠨ ᠪᠠᠶᠢᠴᠠᠭᠠᠬᠤ ᠪᠠ ᠰᠠᠨᠠᠭᠤᠯᠬᠤ ᠡᠷᠴᠢᠮ ᠢᠶᠠᠨ ᠴᠢᠩᠭᠠᠷᠠᠭᠤᠯᠵᠤ᠂ ᠨᠡᠭᠦᠷᠡᠰᠦ᠂ | ᠨᠡᠭᠦᠷᠡᠰᠦᠨ ᠭᠠᠯ ᠪᠤᠶᠤ ᠡᠰᠢ ᠰᠦᠷᠡᠯ ᠢᠶᠠᠷ ᠳᠤᠯᠠᠭᠠᠯᠠᠬᠤ ᠵᠡᠷᠭᠡ ᠬᠡᠷ ᠪᠦᠯᠢ ᠪᠠ ᠬᠥᠮᠦᠰ ᠲᠤ ᠨᠡᠶᠢᠳᠡᠮ ᠵᠢᠭᠰᠠᠭᠠᠨ | ᠪᠠᠶᠢᠴᠠᠭᠠᠬᠤ ᠶᠢ ᠪᠡᠶᠡᠯᠡᠭᠦᠯᠵᠦ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠳᠤ ᠬᠤᠤᠷᠳᠠᠭᠳᠠᠭᠰᠠᠨ ᠬᠡᠷᠡᠭ | ᠡᠭᠦᠰᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠶ᠃ ᠪᠤᠰᠤᠳ ᠬᠦᠷᠢᠶ᠎ᠡ ᠴᠠᠷᠠᠭ᠎ᠠ ᠳᠤ ᠪᠡᠯᠡᠳᠬᠡᠯ ᠲᠥᠰᠦᠯ ᠤᠨ | ᠱᠠᠭᠠᠷᠳᠠᠯᠭ᠎ᠠ ᠶᠣᠰᠣᠭᠠᠷ᠂ ᠠᠵᠢᠯᠲᠠᠨ᠂ ᠡᠳ᠋ ᠪᠣᠳᠠᠰ ᠵᠡᠷᠭᠡ ᠶᠢᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ | ᠠᠵᠢᠯ ᠢ ᠬᠢᠨᠠᠮᠠᠭᠠᠶ ᠭᠦᠢᠴᠡᠳ ᠵᠣᠬᠢᠶᠠᠨ ᠪᠠᠶᠢᠭᠤᠯᠬᠤ ᠬᠡᠷᠡᠭᠲᠡᠶ᠃ | ︵ᠲᠦᠷᠪᠡ︶ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠴᠢᠩᠭᠠᠳᠬᠠᠨ᠎ᠠ᠃ ᠭᠠᠮᠰᠢᠭ ᠤᠨ | ᠪᠠᠶᠢᠳᠠᠯ ᠭᠠᠷᠤᠭᠰᠠᠨ ᠪᠠᠶᠢᠳᠠᠯ ᠳᠤ ᠴᠢᠭᠯᠡᠭᠦᠯᠦᠨ᠂ ᠱᠠᠲᠤ ᠲᠥᠷᠥᠯ ᠬᠤᠪᠢᠶᠠᠨ ᠲᠦᠷᠭᠡᠨ ᠳᠠᠭᠠᠵᠤ᠂ ᠪᠠᠴᠢᠮ | ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠴᠠᠭ ᠲᠤᠬᠠᠶ ᠳᠤᠨᠢ ᠡᠬᠢᠯᠡᠭᠦᠯᠵᠦ᠂ ᠲᠣᠬᠢᠲᠠᠶ ᠰᠢᠢᠳᠪᠦᠷᠢᠯᠡᠬᠦ | ᠬᠡᠷᠡᠭᠲᠡᠶ᠃ ᠡᠯ᠎ᠡ ᠲᠤᠰᠬᠠᠶ ᠲᠤᠰᠢᠶᠠᠯ᠂ ᠲᠤᠰᠢᠶᠠᠯ ᠬᠠᠪᠰᠤᠷᠭᠠᠭᠰᠠᠨ ᠪᠠᠴᠢᠮ ᠪᠠᠶᠢᠳᠠᠯ ᠢ ᠠᠷᠭᠠᠴᠠᠵᠤ ᠠᠪᠤᠷᠠᠨ | ᠲᠤᠰᠠᠯᠠᠬᠤ ᠡᠩᠨᠡᠭᠡ ᠨᠢ ᠴᠠᠭ ᠢᠮᠠᠭᠲᠠ ᠵᠢᠵᠢᠭᠦᠷᠯᠡᠵᠦ ᠵᠠᠷᠯᠢᠭ ᠬᠦᠯᠢᠶᠡᠬᠦ ᠪᠠᠶᠢᠳᠠᠯ ᠳᠤ ᠣᠷᠣᠰᠢᠵᠤ᠂ ᠠᠶᠤᠯ ᠠᠴᠠ | ᠠᠪᠤᠷᠠᠨ ᠲᠤᠰᠠᠯᠠᠬᠤ ᠵᠠᠷᠯᠢᠭ ᠢ ᠣᠯᠤᠭᠰᠠᠨ ᠤ ᠳᠠᠷᠠᠭ᠎ᠠ᠂ ᠲᠡᠷᠡ ᠳᠠᠷᠤᠶ ᠳᠤᠨᠢ ᠠᠷᠭᠠᠴᠠᠨ ᠰᠢᠢᠳᠪᠦᠷᠢᠯᠡᠵᠦ᠂ | ᠭᠠᠮᠰᠢᠭ ᠠᠴᠠ ᠠᠪᠤᠷᠠᠬᠤ ᠠᠵᠢᠯ ᠢ ᠦᠨᠡᠨᠬᠦ ᠰᠠᠶᠢᠲᠤᠷ ᠬᠢᠵᠦ᠂ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ | ᠪᠠᠭᠠᠰᠬᠠᠬᠤ ᠬᠡᠷᠡᠭᠲᠡᠶ᠃ ᠭᠠᠮᠰᠢᠭᠳᠠᠭᠰᠠᠨ ᠭᠠᠵᠠᠷ ᠣᠷᠣᠨ ᠤ ᠪᠠᠴᠢᠮ ᠪᠠᠶᠢᠳᠠᠯ ᠢ ᠠᠷᠭᠠᠴᠠᠵᠤ ᠭᠠᠮᠰᠢᠭ ᠠᠴᠠ | ᠠᠪᠤᠷᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠵᠢᠭᠰᠠᠭᠠᠨ ᠪᠠᠶᠢᠴᠠᠭᠠᠬᠤ ᠡᠷᠴᠢᠮ ᠢᠶᠠᠨ | ᠴᠢᠩᠭᠠᠷᠠᠭᠤᠯᠵᠤ᠂ ᠭᠠᠮᠰᠢᠭᠳᠠᠭᠰᠠᠨ ᠪᠠᠶᠢᠳᠠᠯ ᠢ ᠬᠢᠨᠠᠮᠠᠭᠠᠶ ᠦᠨᠡᠯᠡᠨ ᠵᠢᠱᠢᠵᠦ᠂ ᠬᠢᠨᠠᠨ ᠬᠠᠷᠭᠤᠭᠤᠯᠵᠤ᠂ | ᠭᠠᠮᠰᠢᠭ ᠠᠴᠠ ᠠᠪᠤᠷᠠᠬᠤ ᠡᠳ᠋ ᠪᠣᠳᠠᠰ ᠢ ᠦᠳᠲᠡᠷ ᠲᠦᠷᠭᠡᠨ ᠰᠢᠯᠵᠢᠭᠦᠯᠦᠨ ᠲᠡᠭᠡᠭᠡᠪᠦᠷᠢᠯᠡᠵᠦ ᠲᠠᠷᠬᠠᠭᠠᠬᠤ ᠬᠡᠷᠡᠭᠲᠡᠶ᠃ | ᠭᠠᠮᠰᠢᠭ ᠤᠨ ᠳᠠᠷᠠᠭᠠᠬᠢ ᠳᠠᠬᠢᠨ ᠪᠦᠲᠦᠭᠡᠨ ᠪᠠᠶᠢᠭᠤᠯᠤᠯᠲᠠ ᠶᠢ ᠳᠠᠷᠤᠢ ᠲᠦᠷᠭᠡᠨ ᠡᠬᠢᠯᠡᠭᠦᠯᠵᠦ᠂ ᠡᠮᠬᠢ | ᠵᠢᠷᠤᠮ ᠲᠠᠢ ᠪᠠᠷ ᠥᠷᠨᠢᠭᠦᠯᠵᠦ᠂ ᠣᠯᠠᠨ ᠲᠦᠮᠡᠨ ᠢ ᠬᠠᠪᠰᠤᠷᠤᠨ ᠬᠡᠪ ᠤᠨ ᠦᠢᠯᠡᠳᠪᠦᠷᠢᠯᠡᠯ ᠠᠮᠢᠳᠤᠷᠠᠯ ᠢ ᠨᠢ ᠳᠠᠷᠤᠢ | ᠲᠦᠷᠭᠡᠨ ᠰᠡᠷᠭᠦᠭᠡᠬᠦ ᠬᠡᠷᠡᠭᠲᠡᠢ᠃ | ᠲᠠᠪᠤ᠂ ᠣᠨᠴᠠᠭᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ ᠰᠠᠬᠢᠬᠤ ᠪᠠ ᠮᠡᠳᠡᠭᠡ | ᠵᠠᠩᠭᠢ ᠶᠢ ᠮᠡᠳᠡᠭᠦᠯᠦᠨ ᠬᠦᠷᠭᠡᠬᠦ ᠶᠢ ᠴᠢᠩᠭᠠᠳᠬᠠᠨ᠎ᠠ | ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ ᠬᠦᠢᠲᠡᠨ ᠠᠭᠤᠷ ᠠᠮᠢᠰᠬᠤᠯ ᠪᠠ ᠬᠦᠢᠲᠡᠨ | ᠤᠷᠤᠰᠬᠠᠯ ᠤᠨ ᠬᠤᠭᠤᠴᠠᠭᠠᠨ ᠳᠤ ᠵᠢᠵᠢᠭᠦᠷᠯᠡᠨ ᠰᠠᠬᠢᠬᠤ ᠠᠵᠢᠯ ᠢ ᠬᠢᠨᠠᠮᠠᠭᠠᠶ ᠰᠠᠶᠢᠲᠤᠷ ᠬᠢᠵᠦ᠂ ᠤᠳᠤᠷᠢᠳᠬᠤ | ᠺᠠᠳ᠋ᠷ ᠠᠵᠢᠯ ᠤᠨ ᠪᠠᠶᠢᠷᠢ ᠳᠠᠭᠠᠨ ᠡᠭᠡᠯᠵᠢ ᠳᠠᠭᠠᠭᠤᠯᠬᠤ᠂ ᠵᠠᠩᠭᠢᠯᠠᠭ᠎ᠠ ᠶᠢᠨ ᠠᠵᠢᠯ ᠤᠨ ᠪᠠᠶᠢᠷᠢ ᠳᠤ 24 ᠴᠠᠭ ᠢᠶᠠᠷ | ᠵᠢᠵᠢᠭᠦᠷᠯᠡᠬᠦ ᠲᠦᠷᠢᠮ ᠪᠠ ᠠᠳᠡᠯ ᠤᠨ ᠮᠡᠳᠡᠭᠡ ᠵᠠᠩᠭᠢ ᠶᠢ ᠮᠡᠳᠡᠭᠦᠯᠬᠦ ᠲᠦᠷᠢᠮ ᠢ ᠴᠢᠩᠭ᠎ᠠ ᠬᠡᠷᠡᠭᠵᠢᠭᠦᠯᠬᠦ ᠬᠡᠷᠡᠭᠲᠡᠶ᠃ | ᠴᠠᠭ ᠠᠭᠤᠷ ᠵᠡᠷᠭᠡ ᠰᠠᠯᠠᠭ᠎ᠠ ᠮᠥᠴᠢᠷ ᠯᠦᠭᠡ ᠶᠢᠨ ᠬᠠᠷᠢᠯᠴᠠᠭ᠎ᠠ ᠪᠠᠨ ᠴᠢᠩᠭᠠᠳᠬᠠᠵᠤ᠂ ᠴᠠᠭ ᠠᠭᠤᠷ ᠤᠨ | ᠬᠤᠪᠢᠷᠠᠯᠲᠠ ᠶᠢᠨ ᠪᠠᠶᠢᠳᠠᠯ ᠢ ᠨᠢᠭᠲᠠ ᠠᠩᠬᠠᠷᠴᠤ᠂ ᠪᠠᠶᠢᠳᠠᠯ ᠤᠨ ᠬᠤᠪᠢᠷᠠᠯᠲᠠ ᠶᠢ ᠦᠨᠳᠦᠰᠦᠯᠡᠨ ᠰᠡᠷᠡᠮᠵᠢᠯᠡᠭᠦᠯᠬᠦ | ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠬᠦ ᠬᠡᠷᠡᠭᠲᠡᠶ᠃ ᠬᠠᠮᠢᠶ᠎ᠠ ᠪᠦᠬᠦᠢ ᠪᠠᠴᠢᠮ ᠪᠠᠶᠢᠳᠠᠯ ᠢ ᠠᠷᠭᠠᠴᠠᠬᠤ ᠶᠢ | ᠳᠠᠭᠠᠬᠤ ᠳᠡᠰ ᠳᠠᠷᠠᠭᠠᠯᠠᠯ ᠢ ᠳᠠᠷᠤᠶ ᠲᠦᠷᠭᠡᠨ ᠡᠬᠢᠯᠡᠭᠦᠯᠵᠦ᠂ ᠬᠢᠨᠠᠨ ᠡᠵᠡᠮᠳᠡᠬᠦ ᠪᠠᠨ ᠴᠢᠩᠭᠠᠳᠬᠠᠨ᠂ ᠠᠪᠤᠷᠠᠨ | ᠲᠤᠰᠠᠯᠠᠬᠤ ᠲᠣᠨᠤᠭ ᠲᠥᠬᠦᠭᠡᠷᠦᠮᠵᠢ᠂ ᠡᠳ᠋ ᠪᠣᠳᠠᠰ ᠢ ᠰᠠᠶᠢᠲᠤᠷ ᠲᠣᠬᠢᠷᠠᠭᠤᠯᠵᠤ᠂ ᠡᠯ᠎ᠡ ᠲᠥᠷᠥᠯ ᠤᠨ ᠠᠶᠤᠯᠭᠦᠶ | ᠦᠢᠯᠡᠳᠪᠦᠷᠢᠯᠡᠯ ᠤᠨ ᠪᠠᠴᠢᠮ ᠪᠠᠶᠢᠳᠠᠯ ᠢ ᠠᠷᠭᠠᠴᠠᠬᠤ ᠳᠠᠬᠢ ᠠᠪᠤᠷᠠᠨ ᠲᠤᠰᠠᠯᠠᠬᠤ ᠡᠩᠨᠡᠭᠡ ᠲᠠᠶᠢᠨ ᠤ ᠪᠡᠯᠡᠳᠬᠡᠯ ᠤᠨ | ᠪᠠᠶᠢᠳᠠᠯ ᠳᠤ ᠣᠷᠣᠵᠤ᠂ ᠠᠶᠤᠯ ᠠᠴᠠ ᠠᠪᠤᠷᠠᠨ ᠲᠤᠰᠠᠯᠠᠬᠤ ᠡᠯ᠎ᠡ ᠵᠦᠢᠯ ᠤᠨ ᠪᠠᠴᠢᠮ ᠪᠠᠶᠢᠳᠠᠯ ᠢ ᠠᠷᠭᠠᠴᠠᠬᠤ | ᠪᠡᠯᠡᠳᠬᠡᠯ ᠠᠵᠢᠯ ᠢ ᠰᠠᠶᠢᠲᠤᠷ ᠬᠢᠬᠦ ᠬᠡᠷᠡᠭᠲᠡᠶ᠃ ᠭᠠᠷᠤᠭᠰᠠᠨ ᠠᠶᠤᠯ ᠲᠦᠭᠰᠢᠭᠦᠷᠢ ᠪᠠ ᠦᠢᠯᠡᠳᠪᠦᠷᠢᠯᠡᠯ ᠤᠨ ᠠᠶᠤᠯ | ᠲᠦᠭᠰᠢᠭᠦᠷᠢ ᠳᠤ ᠠᠪᠤᠷᠠᠨ ᠲᠤᠰᠠᠯᠠᠬᠤ ᠪᠠ ᠮᠡᠳᠡᠭᠡ ᠵᠠᠩᠭᠢ ᠮᠡᠳᠡᠭᠦᠯᠦᠨ ᠬᠦᠷᠭᠡᠬᠦ ᠠᠵᠢᠯ ᠢ ᠴᠠᠭ ᠲᠤᠬᠠᠶ ᠳᠤᠨᠢ | ᠰᠠᠶᠢᠲᠤᠷ ᠬᠢᠬᠦ ᠬᠡᠷᠡᠭᠲᠡᠶ᠃ | ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ ᠲᠣᠰ ᠮᠡᠳᠡᠭᠳᠡᠯ ᠤᠨ ᠱᠠᠭᠠᠷᠳᠠᠯᠭ᠎ᠠ ᠶᠢ ᠬᠢᠨᠠᠮᠠᠭᠠᠶ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠣᠳᠠᠲᠠᠶ ᠲᠠᠢ ᠪᠠᠨ ᠤᠶᠠᠯᠳᠤᠭᠤᠯᠤᠨ᠂ ᠡᠯ᠎ᠡ ᠵᠦᠢᠯ ᠤᠨ ᠠᠷᠭᠠᠴᠠᠬᠤ | ᠠᠷᠭ᠎ᠠ ᠬᠡᠮᠵᠢᠶ᠎ᠡ ᠶᠢ ᠳᠠᠷᠤᠶ ᠲᠦᠷᠭᠡᠨ ᠰᠤᠳᠤᠯᠵᠤ᠂ ᠪᠠᠶᠢᠷᠢᠯᠠᠭᠤᠯᠤᠯᠲᠠ ᠶᠢ ᠪᠣᠳᠠᠲᠠᠶᠢᠵᠢᠭᠤᠯᠵᠤ᠂ | ᠨᠠᠶᠢᠳᠠᠪᠤᠷᠢᠵᠢᠭᠤᠯᠤᠯᠲᠠ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ | | 2025 ᠣᠨ ᠤ 1 ᠰᠠᠷ᠎ᠠ ᠶᠢᠨ 23 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | | ᠣᠷᠴᠢᠭᠤᠯᠤᠭᠴᠢ᠄ ᠭᠤᠸ᠎ᠠ | ᠬᠢᠨᠠᠭᠴᠢ᠄ ᠠᠷᠢᠭᠤᠨ |