ᠵᠢᠨᠢᠩ ᠲᠣᠭᠤᠷᠢᠭ᠄ ᠵᠠᠰᠠᠭ ᠤᠨ ᠤᠷᠳᠤᠨ ᠪᠠᠩᠬᠢ ᠠᠵᠤ ᠠᠬᠤᠶᠢᠯᠠᠯ ᠢ ᠵᠣᠯᠭᠠᠭᠤᠯᠵᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠪᠠ
ᠨᠡᠶᠢᠲᠡᠯᠡᠭᠰᠡᠨ ᠴᠠᠭ᠄
2025/2/14
       2 ᠰᠠᠷ᠎ᠠ ᠶᠢᠨ 13 ᠤ ᠡᠳᠦᠷ ᠤᠨ ᠦᠳᠡ ᠶᠢᠨ ᠡᠮᠦᠨ᠎ᠡ᠂ ᠵᠢᠨᠢᠩ ᠲᠣᠭᠤᠷᠢᠭ ᠤᠨ ︽ᠤᠷᠢᠬᠠᠨ ᠰᠠᠯᠬᠢ ᠦᠢᠯᠡᠴᠢᠯᠡᠭᠡ ᠶᠢ ᠬᠦᠷᠭᠡᠵᠦ ᠠᠵᠤ ᠠᠬᠤᠶᠢᠯᠠᠯ ᠳᠤ ᠠᠰᠢᠭ ᠬᠦᠷᠲᠡᠭᠡᠵᠦ ᠪᠣᠳᠠᠲᠠᠢ ᠶᠠᠪᠤᠳᠠᠯ ᠬᠢᠬᠦ︾ ᠵᠠᠰᠠᠭ ᠤᠨ ᠤᠷᠳᠤᠨ ᠪᠠᠩᠬᠢ ᠠᠵᠤ ᠠᠬᠤᠶᠢᠯᠠᠯ ᠢ ᠵᠣᠯᠭᠠᠭᠤᠯᠬᠤ ᠬᠤᠷᠠᠯ ᠤᠯᠠᠭᠠᠨᠴᠠᠪ ᠤᠨ ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ ᠳᠤ ᠶᠠᠪᠤᠭᠳᠠᠵᠤ᠂ ᠵᠠᠰᠠᠭ ᠤᠨ ᠤᠷᠳᠤᠨ ᠪᠠᠩᠬᠢ ᠠᠵᠤ ᠠᠬᠤᠶᠢᠯᠠᠯ ᠤᠨ ᠬᠠᠩᠭᠠᠯᠭ᠎ᠠ ᠬᠡᠷᠡᠭᠴᠡᠭᠡ ᠶᠢ ᠤᠨᠢᠨ ᠳᠡᠭᠡᠷ᠎ᠡ ᠨᠢ ᠳᠤᠬᠢᠷᠠᠭᠤᠯᠬᠤ ᠶᠢ ᠠᠬᠢᠭᠤᠯᠵᠤ᠂ ᠨᠡᠩ ᠤᠯᠠᠨ ︽ᠮᠥᠩᠭᠦᠨ ᠭᠦᠢᠯᠭᠡᠭᠡᠨ ᠤ ᠠᠮᠢᠳᠤᠯᠢᠭ ᠤᠰᠤ︾ ᠶᠢ ᠬᠤᠷᠠᠮᠳᠤᠭᠤᠯᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠶᠢᠨ ᠲᠥᠯᠥᠭᠡ ᠶᠤᠮ᠃    ᠬᠤᠷᠠᠯ ᠳᠡᠭᠡᠷ᠎ᠡ᠂ 48 ᠲᠣᠭᠤᠷᠢᠭ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠭᠡᠰᠢᠭᠦᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠥᠭᠵᠢᠯᠲᠡ ᠶᠢᠨ ᠬᠦᠴᠢᠷᠳᠡᠯ ᠪᠣᠯᠤᠨ ᠰᠠᠨᠠᠭᠤᠯᠭ᠎ᠠ ᠶᠢᠨ ᠲᠣᠭᠤᠷᠢᠨ ᠳᠤ ᠭᠦᠨᠵᠡᠭᠡᠢ ᠶᠠᠷᠢᠯᠴᠠᠵᠤ᠂ ᠬᠠᠷᠢᠯᠴᠠᠨ ᠰᠣᠯᠢᠯᠴᠠᠵᠠᠢ︔ ᠤᠯᠠᠭᠠᠨᠴᠠᠪ ᠤᠨ ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠮᠥᠩᠭᠦᠨ ᠭᠦᠢᠯᠭᠡᠭᠡᠨ ᠤ ᠦᠢᠯᠡᠳᠬᠦᠨ ᠢ ᠲᠠᠨᠢᠯᠴᠠᠭᠤᠯᠵᠤ᠂ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠬᠠᠷᠢᠭᠤᠯᠵᠤ᠂ ᠵᠠᠰᠠᠭ ᠤᠨ ᠣᠷᠳᠣᠨ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠣᠯᠤᠨ ᠠᠵᠤ ᠠᠬᠤᠶᠢᠯᠠᠯ ᠤᠨ ᠨᠡᠪᠲᠡᠷᠡᠯᠴᠡᠬᠦ ᠠᠷᠭ᠎ᠠ ᠵᠠᠮ ᠢ ᠤᠯᠠᠮ ᠨᠢᠭᠡ ᠠᠯᠬᠤᠮ ᠰᠢᠯᠤᠭᠤᠳᠬᠠᠵᠤ᠂ ᠪᠠᠩᠬᠢ ᠠᠵᠤ ᠠᠬᠤᠶᠢᠯᠠᠯ ᠢ ᠵᠣᠯᠭᠠᠭᠤᠯᠬᠤ ᠬᠠᠮᠲᠤᠷᠠᠯᠴᠠᠭᠠᠨ ᠤ ᠲᠠᠪᠴᠠᠩ ᠢ ᠪᠠᠶᠢᠭᠤᠯᠪᠠ᠃    ᠲᠣᠰ ᠤᠳᠠᠭᠠᠨ ᠤ ᠵᠣᠯᠭᠠᠭᠤᠯᠬᠤ ᠬᠤᠷᠠᠯ ᠢ ᠲᠤᠭᠤᠷᠢᠭ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠤᠰᠤᠨ ᠠᠰᠢᠭᠯᠠᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠥᠪ ᠠᠴᠠ ᠭᠤᠤᠯᠯᠠᠨ ᠡᠷᠭᠢᠯᠡᠪᠡ᠃                       ᠤᠷᠴᠢᠭᠤᠯᠤᠭᠴᠢ᠄ ᠬᠦᠰᠡᠯ                       ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2