| | ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ | ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ | ᠪᠦᠲᠦᠮᠵᠢᠲᠡᠢ ᠵᠣᠯᠭᠠᠭᠤᠯᠬᠤ ᠠᠵᠢᠯ ᠢ ᠦᠷᠭᠦᠯᠵᠢᠯᠡᠨ ᠥᠷᠨᠢᠭᠦᠯᠪᠡ᠃ ᠨᠢᠭᠡ ᠳᠤ ᠦᠨᠳᠦᠰᠦᠲᠡᠨ ᠤ ᠭᠠᠵᠠᠷ | ᠣᠷᠣᠨ ᠤ ᠠᠵᠤ ᠠᠬᠤᠶ ᠶᠢᠨ ᠬᠥᠭᠵᠢᠯᠲᠡ ᠶᠢ ᠢᠳᠡᠪᠬᠢᠲᠡᠶ ᠠᠬᠢᠭᠤᠯᠵᠤ᠂ ᠲᠥᠪ ᠤᠨ ᠪᠠ ᠥᠪᠡᠷᠲᠡᠭᠡᠨ ᠵᠠᠰᠠᠬᠤ | ᠣᠷᠣᠨ ᠤ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠡᠭᠦᠷᠭᠡ ᠶᠢᠨ ᠪᠠᠯᠠ ᠮᠥᠩᠭᠦ ᠶᠢ 526 ᠲᠦᠮᠡᠨ | ᠲᠥᠭᠦᠷᠢᠭ ᠴᠢᠷᠮᠠᠶᠢᠨ ᠣᠯᠵᠤ᠂ ᠪᠠᠶᠠᠨᠴᠠᠭᠠᠨ ᠪᠠᠯᠭᠠᠰᠤᠨ ᠤ ᠪᠥᠲᠥᠭᠡᠨ ᠪᠠᠶᠢᠭᠤᠯᠤᠯᠲᠠ ᠶᠢᠨ ᠲᠣᠰᠬᠤᠨ ᠤ | ᠠᠷᠠᠳ ᠤᠨ ᠵᠥᠪᠯᠡᠯ ᠤᠨ ᠬᠠᠮᠲᠤ ᠶᠢᠨ ᠠᠵᠤ ᠠᠬᠤᠶ ᠶᠢᠨ ᠬᠠᠲᠠᠭᠠᠭᠰᠠᠨ ᠦᠬᠡᠷ ᠤᠨ ᠮᠢᠬᠠᠨ ᠤ ᠦᠢᠯᠡᠳᠪᠦᠷᠢ ᠶᠢᠨ | ᠲᠠᠰᠤᠭ ᠤᠨ ᠲᠥᠷᠥᠯ ᠵᠦᠢᠯ᠂ ᠳᠠᠷᠠᠭ ᠤᠨ ᠵᠢᠵᠢᠭ ᠪᠠᠯᠭᠠᠰᠤᠨ ᠤ ᠴᠡᠪᠡᠷ ᠠᠭᠠᠷ ᠴᠡᠪᠡᠷᠰᠢᠭᠦᠯᠬᠦ ᠮᠠᠰᠢᠨ | ᠴᠣᠭᠴᠠᠯᠠᠪᠤᠷᠢ ᠶᠢᠨ ᠰᠢᠰᠲ᠋ᠧᠮ ᠤᠨ ᠲᠥᠷᠥᠯ ᠵᠦᠢᠯ᠂ ᠳᠠᠯᠠᠨ ᠬᠤᠳᠳᠤᠭ ᠰᠤᠮᠤ ᠶᠢᠨ ᠴᠠᠭᠠᠨ ᠪᠤᠯᠠᠭ ᠭᠠᠴᠠᠭᠠᠨ ᠤ | ᠲᠡᠵᠢᠭᠡᠯ ᠡᠪᠡᠰᠦ ᠪᠣᠷᠳᠤᠭ᠎ᠠ ᠪᠣᠯᠪᠠᠰᠤᠷᠠᠭᠤᠯᠬᠤ ᠲᠠᠰᠤᠭ ᠤᠨ ᠰᠢᠨ᠎ᠡ ᠪᠠᠷ ᠨᠡᠮᠡᠭᠳᠡᠭᠰᠡᠨ ᠴᠠᠬᠢᠯᠭᠠᠨ ᠬᠦᠴᠦᠨ ᠤ | ᠲᠥᠬᠦᠭᠡᠷᠦᠮᠵᠢ ᠶᠢᠨ ᠲᠥᠷᠥᠯ ᠵᠦᠢᠯ᠂ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠪᠣᠯᠪᠠᠰᠤᠷᠠᠭᠤᠯᠤᠯ ᠤᠨ | ᠲᠥᠷᠥᠯ ᠵᠦᠢᠯ ᠵᠡᠷᠭᠡ 4 ᠲᠥᠷᠥᠯ ᠵᠦᠢᠯ ᠢ ᠨᠡᠶᠢᠲᠡ ᠬᠡᠷᠡᠭᠵᠢᠭᠦᠯᠪᠡ᠃ ᠬᠤᠶᠠᠷ ᠲᠤ᠂ ᠥᠪᠡᠷᠲᠡᠭᠡᠨ ᠵᠠᠰᠠᠬᠤ | ᠣᠷᠣᠨ ᠤ ᠦᠨᠳᠦᠰᠦᠲᠡᠨ ᠤ ᠠᠵᠢᠯ ᠤᠨ ᠲᠤᠰᠬᠠᠶ ᠲᠦᠷᠦᠯ ᠤᠨ ᠰᠢᠯᠵᠢᠭᠦᠯᠦᠨ ᠥᠭᠬᠦ ᠪᠡᠯᠡ ᠮᠥᠩᠭᠦ ᠶᠢ 10 | ᠲᠦᠮᠡᠨ ᠲᠥᠭᠦᠷᠢᠭ ᠤᠯᠬᠤ ᠪᠠᠷ ᠢᠳᠡᠪᠬᠢᠲᠡᠶ ᠴᠢᠷᠮᠠᠶᠢᠵᠤ᠂ ᠵᠢᠭᠤᠯᠴᠢᠯᠠᠯ ᠢᠶᠠᠷ ᠦᠨᠳᠦᠰᠦᠲᠡᠨ ᠨᠦᠭᠦᠳ ᠤᠨ | ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠲᠥᠯᠥᠪᠯᠡᠭᠡ ᠶᠢᠨ ᠲᠦᠷᠦᠯ ᠵᠦᠢᠯ ᠢ ᠬᠡᠷᠡᠭᠵᠢᠭᠦᠯᠬᠦ ᠳᠤ | ᠬᠡᠷᠡᠭᠯᠡᠵᠦ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠩᠬᠠᠳᠤᠭᠠᠷ ᠬᠤᠭᠤᠴᠠᠭᠠᠨ ᠤ ︽ᠮᠧᠩ ᠸᠧᠢ | ᠬᠤᠨᠳᠠᠭᠠᠲᠤ︾ ᠭᠠᠯᠲᠤ ᠠᠭᠤᠯᠠ ᠶᠢᠨ ᠲᠠᠯ᠎ᠠ ᠨᠤᠲᠤᠭ ᠤᠨ ᠨᠠᠭᠠᠳᠤᠮ ᠤᠨ ᠬᠤᠷᠠᠯ ᠢ ᠡᠷᠬᠢᠯᠡᠪᠡ᠃ | ᠵᠣᠬᠢᠶᠠᠭᠴᠢ᠄ ᠵᠠᠩ ᠶᠧ ᠴᠧᠩ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ |