︽ᠴᠠᠭᠠᠨ ᠰᠠᠷ᠎ᠠ ᠶᠢᠨ ᠬᠤᠭᠤᠴᠠᠭᠠᠨ ᠳᠠᠬᠢ ᠣᠨᠴᠠᠭᠠᠢ ᠴᠠᠭ ᠠᠭᠤᠷ ᠢ ᠰᠡᠷᠭᠡᠶᠢᠯᠡᠨ ᠠᠷᠭᠠᠴᠠᠬᠤ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ᠤᠨ ᠲᠤᠬᠠᠢ ᠲᠠᠶᠢᠯᠤᠮᠵᠢ
ᠨᠡᠶᠢᠲᠡᠯᠡᠭᠰᠡᠨ ᠴᠠᠭ᠄
2025/2/17
   ︽ᠴᠠᠭᠠᠨ ᠰᠠᠷ᠎ᠠ ᠶᠢᠨ ᠬᠤᠭᠤᠴᠠᠭᠠᠨ ᠳᠠᠬᠢ ᠣᠨᠴᠠᠭᠠᠢ ᠴᠠᠭ ᠠᠭᠤᠷ ᠢ ᠰᠡᠷᠭᠡᠶᠢᠯᠡᠨ ᠠᠷᠭᠠᠴᠠᠬᠤ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ᠤᠨ ᠲᠠᠶᠢᠯᠤᠮᠵᠢ     ᠨᠢᠭᠡ᠂ ᠠᠬᠤᠶ ᠪᠠᠶᠢᠳᠠᠯ ᠵᠢᠴᠢ ᠦᠨᠳᠦᠰᠦᠯᠡᠯ     ᠴᠠᠭᠠᠨ ᠰᠠᠷ᠎ᠠ ᠶᠢᠨ ᠬᠤᠭᠤᠴᠠᠭᠠᠨ ᠳᠠᠬᠢ ᠣᠨᠴᠠᠭᠠᠢ ᠴᠠᠭ ᠠᠭᠤᠷ ᠢ ᠰᠡᠷᠭᠡᠶᠢᠯᠡᠨ ᠠᠷᠭᠠᠴᠠᠬᠤ ᠠᠵᠢᠯ ᠢ ᠰᠠᠶᠢᠲᠤᠷ ᠬᠢᠵᠦ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠠᠷᠠᠳ ᠣᠯᠠᠨ ᠤ ᠠᠮᠢ ᠨᠠᠰᠤ ᠪᠠ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠤᠭ ᠤᠨ ᠶᠡᠭᠡ ᠬᠡᠮᠵᠢᠶ᠎ᠡ ᠪᠠᠷ ᠪᠠᠲᠤᠯᠠᠬᠤ ᠶᠢᠨ ᠲᠥᠯᠥᠭᠡ᠂ ︽︿2025 ᠣᠨ ᠤ 1 ᠳ᠋ᠦ᠋ᠭᠡᠷ ᠰᠠᠷ᠎ᠠ ᠶᠢᠨ ᠪᠥᠬᠦ ᠤᠯᠤᠰ ᠤᠨ ᠪᠠᠶᠢᠭᠠᠯᠢ ᠶᠢᠨ ᠭᠠᠮᠰᠢᠭ ᠤᠨ ᠲᠦᠭᠰᠢᠭᠦᠷᠢ ᠶᠢᠨ ᠪᠠᠶᠢᠳᠠᠯ ᠢ ᠵᠢᠱᠢᠬᠦ﹀ ᠶᠢ ᠳᠠᠷᠤᠮᠠᠯᠯᠠᠨ ᠲᠠᠷᠬᠠᠭᠠᠬᠤ ᠲᠤᠬᠠᠶ ᠤᠯᠤᠰ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠥᠪᠯᠡᠯ ᠤᠨ ᠠᠯᠪᠠᠨ ᠭᠡᠷ ᠤᠨ ᠮᠡᠳᠡᠭᠳᠡᠯ︾ ᠪᠠ ︽ᠥᠪᠡᠷᠲᠡᠭᠡᠨ ᠵᠠᠰᠠᠬᠤ ᠣᠷᠣᠨ ᠤ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠺᠣᠮᠢᠰ ᠤᠨ ᠠᠯᠪᠠᠨ ᠭᠡᠷ ᠤᠨ ᠣᠶᠢᠷ᠎ᠠ ᠶᠢᠨ ᠬᠤᠭᠤᠴᠠᠭᠠᠨ ᠤ ᠬᠦᠢᠲᠡᠨ ᠪᠠ ᠪᠣᠷᠣᠭᠠᠨ ᠴᠠᠰᠤ ᠮᠥᠰᠥ ᠲᠠᠢ ᠴᠠᠭ ᠠᠭᠤᠷ ᠢ ᠠᠷᠭᠠᠴᠠᠬᠤ ᠠᠵᠢᠯ ᠢ ᠰᠠᠶᠢᠲᠤᠷ ᠬᠢᠬᠦ ᠲᠤᠬᠠᠶ ᠰᠠᠨᠠᠭᠤᠯᠤᠮᠵᠢ ᠶᠢᠨ ᠵᠠᠬᠢᠳᠠᠯ︾ ᠢ ᠦᠨᠳᠦᠰᠦᠯᠡᠨ᠂ ᠬᠤᠲᠠ ᠶᠢᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠲᠤᠰ ᠮᠡᠳᠡᠭᠳᠡᠯ ᠢ ᠳᠠᠷᠤᠮᠠᠯᠯᠠᠨ ᠲᠠᠷᠬᠠᠭᠠᠪᠠ᠃     ᠬᠤᠶᠠᠷ᠂ ᠭᠤᠣᠯ ᠠᠭᠤᠯᠭ᠎ᠠ     ︽ᠮᠡᠳᠡᠭᠳᠡᠯ︾ ᠨᠢ ᠲᠠᠪᠤᠨ ᠲᠠᠯ᠎ᠠ ᠠᠴᠠ ᠪᠣᠳᠠᠲᠠᠢ ᠱᠠᠭᠠᠷᠳᠠᠯᠭ᠎ᠠ ᠳᠤᠷᠠᠳᠪᠠ᠄     ︵ᠨᠢᠭᠡ︶ ᠣᠨᠴᠠᠭᠠᠢ ᠴᠠᠭ ᠠᠭᠤᠷ ᠢ ᠠᠷᠭᠠᠴᠠᠬᠤ ᠤᠯᠤᠰ ᠲᠦᠷᠦ ᠶᠢᠨ ᠬᠠᠷᠢᠭᠤᠴᠠᠯᠭ᠎ᠠ ᠪᠠᠨ ᠦᠡᠨᠡᠬᠦ ᠴᠢᠩᠭᠠᠳᠬᠠᠨ᠎ᠠ     ᠡᠯ᠎ᠡ ᠭᠠᠵᠠᠷ᠂ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠦᠢᠳᠡᠨ ᠠᠭᠤᠷ ᠠᠮᠢᠰᠬᠤᠯ ᠨᠢ ᠠᠷᠠᠳ ᠤᠯᠠᠨ ᠤ ᠦᠢᠯᠡᠳᠪᠦᠷᠢᠯᠡᠯ ᠠᠮᠢᠳᠤᠷᠠᠯ ᠳᠤ ᠦᠵᠡᠭᠦᠯᠦᠭᠰᠡᠨ ᠠᠰᠢᠭ ᠦᠭᠡᠢ ᠨᠥᠯᠥᠭᠡ ᠶᠢ ᠭᠦᠢᠴᠡᠳ ᠲᠠᠨᠢᠵᠤ᠂ ᠰᠡᠷᠭᠡᠶᠢᠯᠡᠨ ᠠᠷᠭᠠᠴᠠᠬᠤ ᠠᠵᠢᠯ ᠢ ᠰᠠᠶᠢᠲᠤᠷ ᠬᠢᠬᠦ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠠᠷᠭᠠᠴᠠᠨ ᠰᠡᠷᠭᠡᠶᠢᠯᠡᠬᠦ ᠠᠵᠢᠯ ᠢ ᠢᠳᠡᠪᠬᠢᠲᠡᠢ ᠰᠠᠶᠢᠲᠤᠷ ᠬᠢᠬᠦ ᠬᠡᠷᠡᠭᠲᠡᠢ᠃    ︵ᠬᠤᠶᠠᠷ︶ ᠴᠠᠭ ᠠᠭᠤᠷ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠰᠡᠷᠭᠡᠶᠢᠯᠡᠬᠦ ᠮᠡᠳᠡᠭᠡ ᠵᠠᠩᠭᠢ ᠨᠡᠶᠢᠳᠡᠯᠡᠬᠦ ᠶᠢ ᠴᠢᠩᠭᠠᠳᠬᠠᠨ᠎ᠠ    ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ ᠷᠠᠳᠢᠣ᠋ ᠨᠡᠪᠲᠡᠷᠡᠭᠦᠯᠭᠡ᠂ ᠲᠧᠯᠸᠢᠰ᠂ ᠰᠣᠨᠢᠨ᠂ ᠢᠨᠲ᠋ᠧᠷ ᠰᠦᠯᠵᠢᠶ᠎ᠡ᠂ ᠸᠢᠴᠠᠲ ᠵᠡᠷᠭᠡ ᠤᠯᠠᠮᠵᠢᠯᠠᠯᠲᠤ ᠵᠠᠭᠤᠴᠢᠯᠠᠭᠤᠷ ᠪᠣᠯᠤᠨ ᠰᠢᠨ᠎ᠡ ᠪᠠᠷ ᠬᠥᠭᠵᠢᠭᠰᠡᠨ ᠵᠠᠭᠤᠴᠢᠯᠠᠭᠤᠷ ᠢ ᠭᠦᠢᠴᠡᠳ ᠠᠰᠢᠭᠯᠠᠨ᠂ ᠭᠠᠮᠰᠢᠭ ᠢ ᠰᠡᠷᠡᠮᠵᠢᠯᠡᠭᠦᠯᠬᠦ ᠮᠡᠳᠡᠭᠡ ᠵᠠᠩᠭᠢ ᠪᠣᠯᠤᠨ ᠭᠠᠮᠰᠢᠭ ᠢ ᠰᠡᠷᠭᠡᠶᠢᠯᠡᠨ ᠭᠠᠮᠰᠢᠭ ᠠᠴᠠ ᠵᠠᠶᠢᠯᠠᠬᠤ ᠲᠣᠪᠴᠢ ᠠᠪᠰᠠᠷᠬᠠᠨ ᠠᠷᠭ᠎ᠠ ᠶᠢ ᠴᠠᠭ ᠲᠤᠬᠠᠶ ᠳᠤᠨᠢ ᠨᠡᠶᠢᠲᠡᠯᠡᠬᠦ ᠬᠡᠷᠡᠭᠲᠡᠶ᠃     ︵ᠭᠤᠷᠪᠠ︶ ᠭᠤᠣᠯᠳᠠᠯᠭ᠎ᠠ ᠲᠠᠢ ᠬᠦᠷᠢᠶᠡᠨ ᠳᠠᠬᠢ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠦᠨᠡᠨᠬᠦ ᠰᠠᠶᠢᠲᠤᠷ ᠠᠳᠬᠤᠨ᠎ᠠ     ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ ᠬᠦᠢᠲᠡᠨ ᠠᠭᠤᠷ ᠠᠮᠢᠰᠬᠤᠯ ᠠᠴᠠ ᠪᠣᠯᠵᠤ ᠮᠡᠳᠡᠬᠦ ᠠᠮᠤᠷ ᠲᠦᠪᠰᠢᠨ ᠤ ᠳᠠᠯᠳᠠ ᠬᠡᠮ ᠳᠤ ᠴᠢᠭᠯᠡᠭᠦᠯᠦᠨ᠂ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠪᠥᠬᠦ ᠲᠠᠯ᠎ᠠ ᠪᠠᠷ ᠭᠦᠨᠵᠡᠭᠡᠶ ᠥᠷᠨᠢᠭᠦᠯᠬᠦ ᠬᠡᠷᠡᠭᠲᠡᠶ᠃     ︵ᠲᠦᠷᠪᠡ︶ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠨ᠎ᠡ     ᠡᠯ᠎ᠡ ᠭᠠᠵᠠᠷ᠂ ᠡᠯ᠎ᠡ ᠰᠠᠯᠠᠭ᠎ᠠ ᠮᠥᠴᠢᠷ ᠤᠳ ᠡᠯ᠎ᠡ ᠲᠥᠷᠥᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠪᠣᠯᠤᠨ ᠰᠠᠯᠠᠭ᠎ᠠ ᠮᠥᠴᠢᠷ ᠤᠨ ᠪᠠᠴᠢᠮ ᠪᠠᠶᠢᠳᠠᠯ ᠢ ᠠᠷᠭᠠᠴᠠᠬᠤ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠡᠮᠬᠢᠯᠡᠨ ᠲᠡᠭᠦᠯᠳᠡᠷᠵᠢᠭᠦᠯᠵᠦ᠂ ᠵᠣᠬᠢᠴᠠᠯᠳᠤᠨ ᠨᠡᠪᠲᠡᠷᠡᠯᠴᠡᠬᠦ ᠪᠠᠨ ᠴᠢᠩᠭᠠᠳᠬᠠᠨ᠂ ᠨᠢᠭᠲᠠ ᠬᠠᠮᠵᠢᠯᠴᠠᠵᠤ᠂ ᠨᠡᠶᠢᠯᠡᠮᠡᠯ ᠬᠦᠴᠦᠨ ᠢ ᠪᠣᠶ ᠪᠣᠯᠭᠠᠬᠤ ᠬᠡᠷᠡᠭᠲᠡᠶ᠃     ︵ᠲᠠᠪᠤ︶ ᠣᠨᠴᠠᠭᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ ᠰᠠᠬᠢᠬᠤ ᠪᠠ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠶᠢ ᠴᠢᠩᠭᠠᠳᠬᠠᠨ᠎ᠠ     ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ ᠬᠦᠢᠲᠡᠨ ᠠᠭᠤᠷ ᠠᠮᠢᠰᠬᠤᠯ ᠪᠠ ᠬᠦᠢᠲᠡᠨ ᠤᠷᠤᠰᠬᠠᠯ ᠤᠨ ᠬᠤᠭᠤᠴᠠᠭᠠᠨ ᠳᠤ ᠵᠢᠵᠢᠭᠦᠷᠯᠡᠨ ᠰᠠᠬᠢᠬᠤ ᠠᠵᠢᠯ ᠢ ᠬᠢᠨᠠᠮᠠᠭᠠᠶ ᠰᠠᠶᠢᠲᠤᠷ ᠬᠢᠵᠦ᠂ ᠤᠳᠤᠷᠢᠳᠬᠤ ᠺᠠᠳ᠋ᠷ ᠠᠵᠢᠯ ᠤᠨ ᠪᠠᠶᠢᠷᠢ ᠳᠠᠭᠠᠨ ᠡᠭᠡᠯᠵᠢ ᠳᠠᠭᠠᠭᠤᠯᠬᠤ᠂ ᠵᠠᠩᠭᠢᠯᠠᠭ᠎ᠠ ᠶᠢᠨ ᠠᠵᠢᠯ ᠤᠨ ᠪᠠᠶᠢᠷᠢ ᠳᠤ 24 ᠴᠠᠭ ᠢᠶᠠᠷ ᠵᠢᠵᠢᠭᠦᠷᠯᠡᠬᠦ ᠲᠦᠷᠢᠮ ᠪᠠ ᠠᠳᠡᠯ ᠤᠨ ᠮᠡᠳᠡᠭᠡ ᠵᠠᠩᠭᠢ ᠶᠢ ᠮᠡᠳᠡᠭᠦᠯᠬᠦ ᠲᠦᠷᠢᠮ ᠢ ᠴᠢᠩᠭ᠎ᠠ ᠬᠡᠷᠡᠭᠵᠢᠭᠦᠯᠬᠦ ᠬᠡᠷᠡᠭᠲᠡᠶ᠃                                        ᠣᠷᠴᠢᠭᠤᠯᠤᠭᠴᠢ᠄ ᠭᠤᠸ᠎ᠠ                                        ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2