ᠬᠤᠲᠠ ᠶᠢᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/2/18
    2 ᠰᠠᠷ᠎ᠠ ᠶᠢᠨ 17 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠬᠤᠷᠠᠯ ᠬᠤᠷᠠᠯᠳᠤᠪᠠ᠃ ᠬᠤᠷᠠᠯ ᠠᠴᠠ ᠠᠵᠢᠯ ᠢᠶᠠᠨ ᠳ᠋ᠦᠩᠨᠡᠵᠦ᠂ ᠪᠠᠶᠢᠳᠠᠯ ᠢ ᠵᠠᠳᠠᠯᠵᠤ᠂ 2025 ᠣᠨ ᠤ ᠠᠵᠢᠯ ᠢ ᠰᠤᠳᠤᠯᠤᠨ ᠪᠠᠶᠢᠷᠢᠯᠠᠭᠤᠯᠪᠠ᠃     ᠬᠤᠷᠠᠯ ᠠᠴᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠦᠨᠡᠨᠴᠢ ᠰᠢᠳᠤᠷᠭᠤ ᠶᠢ ᠪᠠᠲᠤᠳᠬᠠᠵᠤ᠂ ᠬᠠᠤᠯᠢᠵᠢᠯ ᠢ ᠴᠢᠩᠭ᠎ᠠ ᠬᠡᠷᠡᠭᠵᠢᠭᠦᠯᠵᠦ᠂ ᠠᠵᠢᠯᠯᠠᠬᠤ ᠶᠢ ᠲᠡᠷᠢᠭᠦᠨ ᠳᠤ ᠲᠠᠯᠪᠢᠵᠤ᠂ ︽ᠲᠠᠪᠤᠨ ᠶᠡᠭᠡ ᠡᠭᠦᠷᠭᠡ︾ ᠪᠣᠯᠤᠨ ︽ᠵᠢᠷᠭᠤᠭᠠᠨ ᠠᠵᠢᠯᠯᠠᠭ᠎ᠠ︾ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ︽ᠴᠣᠬᠢᠯᠲᠠ ᠥᠭᠬᠦ ᠰᠡᠷᠭᠡᠶᠢᠯᠡᠬᠦ ᠬᠠᠮᠢᠶᠠᠷᠬᠤ ᠡᠵᠡᠮᠳᠡᠬᠦ ᠪᠠᠶᠢᠭᠤᠯᠬᠤ︾ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ᠃ ᠤᠯᠤᠰ ᠲᠥᠷᠥ ᠶᠢᠨ ᠵᠠᠮᠴᠢᠯᠠᠯᠲᠠ ᠶᠢ ᠴᠢᠩᠭᠠᠳᠬᠠᠵᠤ᠂ ᠢᠲᠡᠭᠡᠯ ᠵᠣᠷᠢᠭ ᠢᠶᠠᠨ ᠪᠠᠲᠤᠳᠬᠠᠨ ᠦᠨᠡᠨᠴᠢ ᠰᠢᠳᠤᠷᠭᠤ ᠪᠠᠶᠢᠬᠤ ᠶᠢ ᠴᠣᠭᠴᠠᠯᠠᠬᠤ ᠲᠠᠯ᠎ᠠ ᠪᠠᠷ ᠵᠢᠱᠢᠶ᠎ᠡ ᠦᠵᠡᠭᠦᠯᠬᠦ ᠬᠡᠷᠡᠭᠲᠡᠶ︔ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ᠂ ᠬᠥᠭᠵᠢᠯᠲᠡ ᠶᠢ ᠠᠬᠢᠭᠤᠯᠵᠤ ᠶᠡᠭᠡ ᠲᠠᠯ᠎ᠠ ᠶᠢ ᠬᠠᠮᠠᠭᠠᠯᠠᠬᠤ ᠲᠠᠯ᠎ᠠ ᠪᠠᠷ ᠵᠣᠷᠢᠭᠲᠠᠢ ᠪᠠᠷ ᠡᠭᠦᠷᠭᠡᠯᠡᠬᠦ ᠬᠡᠷᠡᠭᠲᠡᠢ︔ ᠠᠮᠤᠷ ᠲᠦᠪᠰᠢᠨ ᠤ ᠪᠠᠶᠢᠭᠤᠯᠤᠯᠲᠠ ᠶᠢ ᠴᠢᠩᠭᠠᠳᠬᠠᠵᠤ᠂ ᠠᠶᠤᠯ ᠲᠦᠭᠰᠢᠭᠦᠷᠢ ᠶᠢ ᠰᠡᠷᠭᠡᠶᠢᠯᠡᠨ ᠠᠮᠤᠷ ᠲᠦᠪᠰᠢᠨ ᠢ ᠪᠠᠲᠤᠯᠠᠬᠤ ᠲᠠᠯ᠎ᠠ ᠪᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ︔ ᠬᠠᠤᠯᠢᠵᠢᠯ ᠤᠨ ᠪᠠᠲᠤᠯᠠᠭ᠎ᠠ ᠶᠢ ᠴᠢᠩᠭᠠᠳᠬᠠᠵᠤ᠂ ᠡᠷᠬᠡ ᠲᠡᠭᠰᠢ ᠰᠢᠳᠤᠷᠭᠤ ᠶᠣᠰᠣ ᠶᠢ ᠪᠠᠲᠤᠯᠠᠬᠤ ᠲᠠᠯ᠎ᠠ ᠪᠠᠷ ᠰᠢᠪᠲᠤᠯᠤᠯᠲᠠ ᠭᠠᠷᠭᠠᠬᠤ ᠬᠡᠷᠡᠭᠲᠡᠢ︔ ᠥᠭᠡᠷᠡᠴᠢᠯᠡᠯᠲᠡ ᠶᠢᠨ ᠴᠢᠳᠠᠪᠤᠷᠢ ᠣᠯᠭᠤᠬᠤ ᠶᠢ ᠴᠢᠩᠭᠠᠳᠬᠠᠵᠤ᠂ ᠲᠣᠭᠲᠠᠴᠠ ᠶᠢ ᠪᠠᠶᠢᠭᠤᠯᠵᠤ ᠬᠥᠳᠡᠯᠭᠡᠬᠦ ᠬᠦᠴᠦᠨ ᠢ ᠨᠡᠮᠡᠭᠳᠡᠭᠦᠯᠬᠦ ᠲᠠᠯ᠎ᠠ ᠪᠠᠷ ᠰᠢᠨ᠎ᠡ ᠵᠠᠮ ᠢ ᠰᠦᠪᠡᠭᠴᠢᠯᠡᠬᠦ ᠬᠡᠷᠡᠭᠲᠡᠢ︔ ᠦᠨᠳᠦᠰᠦ ᠶᠢ ᠪᠠᠬᠢᠵᠢᠭᠦᠯᠵᠦ ᠰᠠᠭᠤᠷᠢ ᠶᠢ ᠪᠠᠲᠤᠳᠬᠠᠬᠤ ᠶᠢ ᠴᠢᠩᠭᠠᠳᠬᠠᠵᠤ᠂ ᠦᠨᠳᠦᠰᠦᠨ ᠱᠠᠲᠤ ᠶᠢ ᠠᠳᠬᠤᠵᠤ ᠰᠠᠭᠤᠷᠢ ᠲᠠᠯᠪᠢᠬᠤ ᠳᠡᠭᠡᠷ᠎ᠡ ᠪᠣᠳᠠᠲᠠᠢ ᠠᠷᠭ᠎ᠠ ᠭᠠᠷᠭᠠᠬᠤ ᠬᠡᠷᠡᠭᠲᠡᠢ︔ ᠲᠡᠮᠦᠷ ᠴᠡᠷᠢᠭ ᠤᠨ ᠳᠠᠪᠲᠠᠯᠲᠠ ᠶᠢ ᠴᠢᠩᠭᠠᠳᠬᠠᠵᠤ᠂ ᠵᠠᠩᠭᠢᠯᠠᠭ᠎ᠠ ᠶᠢᠨ ᠴᠠᠭ ᠦᠶ᠎ᠡ ᠳᠤ ᠳᠠᠭᠠᠷᠢᠨ ᠣᠷᠣᠵᠤ ᠳᠡᠶᠢᠯᠬᠦ᠂ ᠪᠠᠶᠢᠯᠳᠤᠵᠤ ᠳᠡᠶᠢᠯᠬᠦ᠂ ᠨᠠᠶᠢᠳᠠᠪᠤᠷᠢᠲᠠᠢ ᠪᠠᠶᠢᠬᠤ ᠶᠢ ᠪᠠᠲᠤᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠤᠯᠠᠭᠠᠨᠴᠠᠪ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠪᠠᠲᠤ ᠴᠢᠩᠭ᠎ᠠ ᠠᠮᠤᠷ ᠲᠦᠪᠰᠢᠨ ᠤ ᠪᠠᠲᠤᠯᠠᠭ᠎ᠠ ᠪᠠ ᠬᠠᠤᠯᠢ ᠪᠠᠷ ᠵᠠᠰᠠᠬᠤ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃                                    ᠣᠷᠴᠢᠭᠤᠯᠤᠭᠴᠢ᠄ ᠭᠤᠸ᠎ᠠ                                    ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2