ᠯᠢᠶᠠᠩᠴᠧᠩ ᠰᠢᠶᠠᠨ᠄ ︽ᠡᠮ ᠡᠮᠨᠡᠯᠭᠡ ᠶᠢᠨ ᠳᠠᠭᠠᠳᠬᠠᠯ ᠤᠨ ᠵᠣᠭᠤᠰᠣᠨ ᠪᠠᠭᠯᠠᠭ᠎ᠠ︾ ᠨᠡᠬᠡᠬᠡᠵᠤ ᠬᠤᠪᠢ ᠬᠥᠮᠦᠨ ᠤ ᠲᠠᠩᠰᠠᠨ ᠡᠷᠦᠬᠡ ᠶᠢᠨ ᠪᠠᠯᠠ ᠮᠥᠩᠭᠦ ᠶᠢ ︽ᠠᠮᠢᠳᠤᠯᠢᠭ︾ ᠪᠣᠯᠭᠠᠪᠠ
ᠨᠡᠶᠢᠲᠡᠯᠡᠭᠰᠡᠨ ᠴᠠᠭ᠄
2025/2/20
     ᠣᠶᠢᠷ᠎ᠠ ᠳᠤ᠂ ᠯᠢᠶᠠᠩᠴᠧᠩ ᠰᠢᠶᠠᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠠᠪᠴᠠᠩ ᠳᠤ ᠡᠮ ᠡᠮᠨᠡᠯᠭᠡ ᠶᠢᠨ ᠳᠠᠭᠠᠳᠬᠠᠯ ᠤᠨ ᠵᠣᠭᠤᠰᠣᠨ ᠪᠠᠭᠯᠠᠭ᠎ᠠ ᠶᠢᠨ ᠴᠢᠳᠠᠮᠵᠢ ᠶᠢ ᠠᠮᠵᠢᠯᠲᠠ ᠲᠠᠢ ᠨᠡᠭᠡᠭᠡᠵᠦ᠂ ᠯᠢᠶᠠᠩᠴᠧᠩ ᠰᠢᠶᠠᠨ ᠤ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠡᠮ ᠡᠮᠨᠡᠯᠭᠡ ᠶᠢᠨ ᠳᠠᠭᠠᠳᠬᠠᠯ ᠤᠨ ᠵᠣᠭᠤᠰᠣᠨ ᠪᠠᠭᠯᠠᠭ᠎ᠠ ᠪᠠᠶᠢᠭᠤᠯᠵᠤ ᠪᠣᠯᠬᠤ ᠶᠢ ᠬᠠᠷᠠᠭᠤᠯᠵᠤ᠂ ᠮᠤᠵᠢ ᠠᠯᠤᠰᠯᠠᠭᠰᠠᠨ ᠣᠶᠢᠷ᠎ᠠ ᠲᠥᠷᠥᠯ ᠰᠠᠳᠤᠨ ᠤ ᠲᠠᠩᠰᠠ ᠰᠢᠯᠵᠢᠭᠦᠯᠬᠦ ᠲᠤᠬᠠᠶᠢᠯᠠᠭᠰᠠᠨ ᠠᠵᠢᠯ ᠢ ᠪᠡᠶᠡᠯᠡᠭᠦᠯᠵᠦ᠂ ᠥᠷᠭᠡᠨ ᠣᠯᠠᠨ ᠲᠦᠮᠡᠨ ᠤ ᠡᠭᠦᠳᠡᠨ ᠡᠮᠨᠡᠯᠭᠡ᠂ ᠡᠮᠨᠡᠯᠭᠡ ᠳᠤ ᠰᠠᠭᠤᠬᠤ ᠵᠡᠷᠭᠡ ᠡᠮ ᠡᠮᠨᠡᠯᠭᠡ ᠶᠢᠨ ᠳᠠᠭᠠᠳᠬᠠᠯ ᠤᠨ ᠲᠤᠬᠠᠶᠢᠯᠠᠭᠰᠠᠨ ᠠᠵᠢᠯ ᠢ ᠭᠦᠢᠴᠡᠳᠭᠡᠬᠦ ᠳᠤ ᠲᠥᠬᠦᠮ ᠦᠵᠡᠭᠦᠯᠵᠦ᠂ ᠣᠯᠠᠨ ᠲᠦᠮᠡᠨ ᠤ ᠳᠥᠭᠦᠮ ᠳᠥᠲᠡ ᠬᠡᠮᠵᠢᠶ᠎ᠡ ᠪᠠ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠪᠡ᠃    ︽ᠡᠮ ᠡᠮᠨᠡᠯᠭᠡ ᠶᠢᠨ ᠳᠠᠭᠠᠳᠬᠠᠯ ᠤᠨ ᠵᠣᠭᠤᠰᠣᠨ ᠪᠠᠭᠯᠠᠭ᠎ᠠ︾ ᠪᠣᠯ ᠡᠮ ᠡᠮᠨᠡᠯᠭᠡ ᠶᠢᠨ ᠳᠠᠭᠠᠳᠬᠠᠯ ᠤᠨ ᠰᠠᠯᠠᠭ᠎ᠠ ᠮᠥᠴᠢᠷ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ ︽ᠨᠢᠭᠡ ᠶᠠᠪᠤᠳᠠᠯ ᠢ ᠥᠨᠳᠥᠷ ᠪᠦᠲᠦᠮᠵᠢᠲᠡᠶ ᠪᠠᠷ ᠰᠢᠢᠳᠪᠦᠷᠢᠯᠡᠬᠦ︾ ᠶᠢ ᠳᠥᠯᠭᠢᠨ ᠠᠬᠢᠭᠤᠯᠵᠤ᠂ ᠠᠷᠠᠳ ᠲᠤ ᠠᠰᠢᠭ ᠬᠦᠷᠲᠡᠭᠡᠬᠦ ᠠᠵᠤ ᠠᠬᠤᠶᠢᠯᠠᠯ ᠳᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠦᠨ ᠤ ᠲᠠᠩᠰᠠᠨ ᠡᠷᠦᠬᠡ ᠶᠢᠨ ᠮᠤᠵᠢ ᠠᠯᠤᠰᠯᠠᠨ ᠬᠠᠷᠢᠯᠴᠠᠨ ᠲᠤᠰᠠᠯᠠᠯᠴᠠᠬᠤ ᠬᠦᠴᠢᠷ ᠠᠰᠠᠭᠤᠳᠠᠯ ᠢ ᠰᠢᠢᠳᠪᠦᠷᠢᠯᠡᠬᠦ ᠶᠢᠨ ᠲᠦᠯᠦᠬᠡ᠂ ᠰᠢᠨ᠎ᠡ ᠶᠢ ᠡᠭᠦᠳᠴᠦ ᠭᠠᠷᠭᠠᠭᠰᠠᠨ ᠨᠢᠭᠡ ᠵᠦᠢᠯ ᠤᠨ ᠰᠢᠨ᠎ᠡ ᠬᠡᠯᠪᠡᠷᠢ ᠶᠢᠨ ᠡᠮ ᠡᠮᠨᠡᠯᠭᠡ ᠶᠢᠨ ᠳᠠᠭᠠᠳᠬᠠᠯ ᠤᠨ ᠲᠣᠭᠠᠴᠠᠭ᠎ᠠ ᠬᠢᠬᠦ ᠠᠴᠢᠶᠠᠯᠠᠪᠤᠷᠢ ᠶᠢᠨ ᠰᠢᠨ᠎ᠡ ᠶᠢ ᠡᠭᠦᠳᠦᠨ᠎ᠡ᠃ ︽ᠡᠮᠴᠢᠯᠡᠭᠡᠨ ᠤ ᠳᠠᠭᠠᠳᠬᠠᠯ ᠤᠨ ᠵᠣᠭᠤᠰᠣᠨ ᠪᠠᠭᠯᠠᠭ᠎ᠠ︾ ᠶᠢᠨ ᠲᠠᠩᠰᠠ ᠰᠢᠯᠵᠢᠭᠦᠯᠬᠦ ᠨᠢ ᠡᠮᠴᠢᠯᠡᠭᠡᠨ ᠤ ᠳᠠᠭᠠᠳᠬᠠᠯ ᠤᠨ ᠳᠠᠭᠠᠳᠬᠠᠯ ᠤᠨ ᠲᠥᠷᠥᠯ ᠵᠦᠢᠯ ᠪᠠ ᠭᠠᠵᠠᠷ ᠣᠷᠣᠨ ᠤ ᠬᠢᠵᠠᠭᠠᠷᠯᠠᠯ ᠢ ᠬᠦᠯᠢᠶᠡᠬᠦ ᠥᠬᠡᠶ᠂ ᠠᠵᠢᠯᠲᠠᠨ ᠠᠵᠢᠯᠴᠢᠨ ᠪᠠ ᠰᠠᠭᠤᠭᠠᠯᠢ ᠠᠷᠠᠳ ᠤᠨ ᠬᠤᠭᠤᠷᠣᠨᠳᠣ ᠴᠢᠯᠥᠭᠡᠲᠡᠶ ᠬᠠᠷᠢᠯᠴᠠᠨ ᠬᠤᠪᠢᠷᠠᠭᠤᠯᠵᠤ ᠪᠣᠯᠤᠨ᠎ᠠ᠂ ᠳᠠᠭᠠᠳᠬᠠᠯ ᠳᠤ ᠣᠷᠣᠯᠴᠠᠭᠰᠠᠳ ᠤᠨ ᠡᠮᠴᠢᠯᠡᠭᠡᠨ ᠤ ᠳᠠᠭᠠᠳᠬᠠᠯ ᠤᠨ ᠬᠤᠪᠢ ᠬᠥᠮᠦᠨ ᠤ ᠲᠠᠩᠰᠠᠨ ᠡᠷᠦᠬᠡ ᠶᠢᠨ ᠪᠠᠯᠠ ᠮᠥᠩᠭᠦ ᠶᠢ ᠬᠡᠷᠡᠭᠯᠡᠬᠦ ᠨᠢ ᠠᠮᠢᠳᠤᠯᠢᠭ ᠥᠬᠡᠶ ᠪᠠᠶᠢᠬᠤ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠵᠦ᠂ ᠡᠬᠢ ᠪᠠᠶᠠᠯᠢᠭ ᠢ ᠵᠦᠶ ᠵᠣᠬᠢᠰᠲᠠᠶ ᠳᠣᠭᠢᠷᠠᠭᠤᠯᠤᠨ᠂ ᠣᠯᠠᠨ ᠲᠦᠮᠡᠨ ᠤ ᠳᠠᠷᠤᠭᠠᠰᠤ ᠶᠢ ᠪᠦᠲᠦᠮᠵᠢᠲᠡᠶ ᠪᠠᠷ ᠬᠥᠩᠭᠡᠷᠡᠭᠦᠯᠵᠦ ᠪᠣᠯᠤᠨ᠎ᠠ᠃    ᠣᠳᠣᠬᠠᠨ ᠳᠤ᠂ ᠯᠢᠶᠠᠩᠴᠧᠩ ᠰᠢᠶᠠᠨ ᠤ ︽ᠡᠮ ᠡᠮᠨᠡᠯᠭᠡ ᠶᠢᠨ ᠳᠠᠭᠠᠳᠬᠠᠯ ᠤᠨ ᠵᠣᠭᠤᠰᠣᠨ ᠪᠠᠭᠯᠠᠭ᠎ᠠ︾ ᠨᠢᠭᠡᠨᠲᠡ ᠮᠤᠵᠢ ᠠᠯᠤᠰᠯᠠᠭᠰᠠᠨ ᠣᠶᠢᠷ᠎ᠠ ᠲᠥᠷᠥᠯ ᠰᠠᠳᠤᠨ ᠤ ᠲᠠᠩᠰᠠ ᠰᠢᠯᠵᠢᠭᠦᠯᠬᠦ ᠲᠤᠬᠠᠶᠢᠯᠠᠭᠰᠠᠨ ᠠᠵᠢᠯ ᠢ ᠪᠡᠶᠡᠯᠡᠭᠦᠯᠵᠦ᠂ ᠡᠮ ᠤᠨ ᠳᠡᠯᠭᠡᠭᠦᠷ ᠤᠨ ᠡᠮ ᠬᠤᠳᠠᠯᠳᠤᠨ ᠠᠪᠬᠤ᠂ ᠡᠮ ᠡᠮᠨᠡᠯᠭᠡ ᠶᠢᠨ ᠳᠠᠭᠠᠳᠬᠠᠯ ᠤᠨ ᠰᠦᠢᠳᠭᠡᠯ ᠲᠤᠰᠢᠶᠠᠬᠤ ᠵᠡᠷᠭᠡ ᠴᠢᠳᠠᠮᠵᠢ ᠵᠠᠯᠭᠠᠭ᠎ᠠ ᠪᠠᠷ ᠲᠡᠭᠦᠯᠳᠡᠷᠵᠢᠵᠦ ᠪᠠᠶᠢᠨ᠎ᠠ᠃                      ᠤᠷᠴᠢᠭᠤᠯᠤᠭᠴᠢ᠄ ᠬᠦᠰᠡᠯ                      ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2