ᠵᠢᠨᠢᠩ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠤᠷᠭᠠᠭᠤᠯᠢ ᠶᠢᠨ ᠬᠤᠭᠤᠯᠠᠨ ᠬᠡᠷ ᠤᠨ ᠬᠢᠨᠠᠯᠲᠠ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2025/2/21
       ᠰᠤᠷᠭᠠᠭᠤᠯᠢ ᠡᠬᠢᠯᠡᠬᠦ ᠭᠡᠵᠦ ᠪᠠᠶᠢᠨ᠎ᠠ᠂ ᠣᠶᠢᠷ᠎ᠠ ᠶᠢᠨ ᠡᠳᠦᠷ ᠤᠳ ᠲᠤ᠂ ᠵᠢᠨᠢᠩ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠤᠯᠢ ᠬᠡᠷᠡᠭᠵᠢᠭᠦᠯᠬᠦ ᠠᠵᠢᠯᠲᠠᠳ ᠬᠠᠷᠢᠶᠠᠲᠤ ᠣᠷᠣᠨ ᠤ ᠰᠤᠷᠭᠠᠭᠤᠯᠢ ᠳᠤ ᠬᠤᠭᠤᠯᠠᠨ ᠬᠡᠷ ᠤᠨ ᠢᠳᠡᠭᠡᠨ ᠤ ᠠᠮᠤᠷ ᠲᠦᠪᠰᠢᠨ ᠤ ᠬᠢᠨᠠᠯᠲᠠ ᠪᠠᠶᠢᠴᠠᠭᠠᠯᠲᠠ ᠥᠷᠨᠢᠭᠦᠯᠵᠦ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ︽ᠰᠡᠷᠭᠡᠶᠢᠯᠡᠯᠲᠡ ᠶᠢᠨ ᠬᠡᠷᠡᠮ︾ ᠢ ᠪᠠᠲᠤ ᠴᠣᠭᠴᠠᠯᠠᠪᠠ᠃    2 ᠰᠠᠷ᠎ᠠ ᠶᠢᠨ 18 ᠤ ᠡᠳᠦᠷ᠂ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠪᠠᠶ ᠬᠠᠶ ᠽᠢ ᠬᠠᠤᠯᠢ ᠬᠡᠷᠡᠭᠵᠢᠭᠦᠯᠬᠦ ᠳᠤᠮᠳᠠ ᠠᠩᠭᠢ ᠶᠢᠨ ᠬᠠᠤᠯᠢ ᠬᠡᠷᠡᠭᠵᠢᠭᠦᠯᠬᠦ ᠠᠵᠢᠯᠲᠠᠨ ᠢ ᠯᠢ ᠳ᠋ᠦᠩ ᠹᠠᠩ ᠰᠤᠷᠭᠠᠭᠤᠯᠢ ᠳᠤ ᠬᠦᠷᠴᠦ᠂ ᠠᠵᠢᠯᠯᠠᠵᠤ ᠪᠠᠶᠢᠭ᠎ᠠ ᠬᠥᠮᠦᠰ ᠤᠨ ᠡᠷᠡᠭᠦᠯ ᠮᠡᠨᠳᠦ ᠶᠢᠨ ᠦᠨᠡᠮᠯᠡᠯ ᠤᠨ ᠪᠠᠶᠢᠳᠠᠯ ᠢ ᠨᠠᠷᠢᠨ ᠨᠢᠮᠪᠠᠶ ᠬᠠᠷᠭᠤᠭᠤᠯᠤᠨ ᠪᠠᠶᠢᠴᠠᠭᠠᠬᠤ ᠶᠢᠨ ᠬᠠᠮᠲᠤ ᠬᠥᠮᠥᠷᠭᠡ ᠶᠢᠨ ᠬᠠᠳᠠᠭᠠᠯᠠᠯᠲᠠ ᠶᠢᠨ ᠢᠳᠡᠭᠡᠨ ᠤ ᠮᠠᠲ᠋ᠧᠷᠢᠶᠠᠯ᠂ ᠢᠳᠡᠭᠡᠨ ᠤᠮᠳᠠᠭᠠᠨ ᠤ ᠬᠡᠷᠡᠭᠰᠡᠯ ᠢ ᠤᠬᠢᠶᠠᠵᠤ ᠠᠷᠢᠭᠤᠳᠬᠠᠬᠤ᠂ ᠣᠷᠴᠢᠨ ᠲᠣᠭᠤᠷᠢᠨ ᠢ ᠠᠷᠢᠭᠤᠳᠬᠠᠬᠤ᠂ ᠲᠥᠬᠦᠭᠡᠷᠦᠮᠵᠢ ᠶᠢ ᠬᠠᠮᠠᠭᠠᠯᠠᠬᠤ ᠵᠡᠷᠭᠡ ᠭᠤᠭᠴᠤᠭ᠎ᠠ ᠳᠤ ᠪᠠᠶᠢᠴᠠᠭᠠᠯᠲᠠ ᠬᠢᠪᠠ᠃    ᠪᠠᠶᠢᠴᠠᠭᠠᠬᠤ ᠶᠠᠪᠤᠴᠠ ᠳᠤ᠂ ᠬᠠᠤᠯᠢ ᠬᠡᠷᠡᠭᠵᠢᠭᠦᠯᠬᠦ ᠠᠵᠢᠯᠲᠠᠨ ᠬᠤᠭᠤᠯᠠᠨ ᠬᠡᠷ ᠤᠨ ᠬᠠᠮᠢᠶᠠᠷᠤᠯᠲᠠ ᠶᠢᠨ ᠠᠵᠢᠯᠲᠠᠨ ᠳᠤ ᠢᠳᠡᠭᠡᠨ ᠤ ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠲᠠᠶᠢᠯᠪᠤᠷᠢᠯᠠᠨ ᠥᠭᠴᠦ᠂ ᠲᠡᠳᠡᠨ ᠤ ᠢᠳᠡᠭᠡᠨ ᠤ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠢᠳᠡᠭᠡᠨ ᠤ ᠮᠠᠲ᠋ᠧᠷᠢᠶᠠᠯ ᠬᠤᠳᠠᠯᠳᠤᠨ ᠠᠪᠬᠤ ᠳᠤ ᠭᠡᠷᠡᠴᠢ ᠪᠠᠷᠢᠮᠲᠠ ᠠᠪᠬᠤ ᠪᠠ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ ᠲᠦᠷᠢᠮ ᠢ ᠴᠢᠩᠭ᠎ᠠ ᠬᠡᠷᠡᠭᠵᠢᠭᠦᠯᠵᠦ᠂ ᠢᠳᠡᠭᠡᠨ ᠤ ᠠᠮᠤᠷ ᠲᠦᠪᠰᠢᠨ ᠤ ᠥᠪᠡᠰᠦᠪᠡᠨ ᠪᠠᠶᠢᠴᠠᠭᠠᠬᠤ ᠪᠠ ᠠᠵᠢᠯ ᠡᠷᠭᠢᠯᠡᠭᠰᠡᠳ ᠤᠨ ᠪᠣᠯᠪᠠᠰᠤᠷᠠᠭᠤᠯᠤᠯ ᠤᠨ ᠠᠵᠢᠯ ᠢ ᠴᠢᠩᠭᠠᠳᠬᠠᠨ᠂ ᠢᠳᠡᠭᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠳᠠᠯᠳᠠ ᠬᠡᠮ ᠢ ᠴᠠᠭ ᠲᠤᠬᠠᠶ ᠳᠤᠨᠢ ᠠᠷᠢᠯᠭᠠᠬᠤ ᠬᠡᠷᠡᠭᠲᠡᠶ ᠭᠡᠵᠤ ᠰᠢᠮᠳᠠᠭᠤᠯᠪᠠ᠃    ᠬᠤᠶᠢᠰᠢᠳᠠ᠂ ᠵᠢᠨᠢᠩ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠰᠤᠷᠭᠠᠭᠤᠯᠢ ᠶᠢᠨ ᠬᠦᠷᠢᠶ᠎ᠡ ᠵᠢᠴᠢ ᠡᠷᠬᠢᠨ ᠲᠣᠭᠤᠷᠢᠨ ᠤ ᠢᠳᠡᠭᠡᠨ ᠤ ᠠᠮᠤᠷ ᠲᠦᠪᠰᠢᠨ ᠤ ᠲᠣᠪᠤᠶᠢᠮ᠎ᠠ ᠠᠰᠠᠭᠤᠳᠠᠯ᠂ ᠪᠠᠭᠤᠷᠠᠶ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠡᠪ ᠤᠨ ᠪᠠᠶᠢᠳᠠᠯ ᠢᠶᠠᠷ ᠲᠣᠭᠤᠷᠢᠨ ᠪᠠᠶᠢᠴᠠᠭᠠᠬᠤ ᠪᠠ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠰᠤᠭᠤᠴᠢᠨ ᠪᠠᠶᠢᠴᠠᠭᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠡᠯ᠎ᠡ ᠲᠥᠷᠥᠯ ᠤᠨ ᠬᠠᠤᠯᠢ ᠲᠣᠭᠲᠠᠭᠠᠯ ᠠᠴᠠ ᠵᠥᠷᠢᠴᠡᠨ ᠡᠵᠡᠩᠨᠡᠬᠦ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠢᠳᠡᠭᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠳᠠᠯᠳᠠ ᠬᠡᠮ ᠢ ᠠᠷᠢᠯᠭᠠᠵᠤ᠂ ᠥᠷᠭᠡᠨ ᠣᠯᠠᠨ ᠪᠠᠭᠰᠢ ᠰᠤᠷᠤᠭᠴᠢᠳ ᠤᠨ ᠢᠳᠡᠭᠡᠨ ᠤᠮᠳᠠᠭᠠᠨ ᠤ ᠠᠮᠤᠷ ᠲᠦᠪᠰᠢᠨ ᠢ ᠬᠠᠮᠠᠭᠠᠯᠠᠬᠤ ᠪᠣᠯᠤᠨ᠎ᠠ᠃                         ᠤᠷᠴᠢᠭᠤᠯᠤᠭᠴᠢ᠄ ᠬᠦᠰᠡᠯ                         ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2