ᠵᠧᠦ ᠺᠠᠢ ᠪᠦᠯᠬᠦᠮ ᠳᠠᠭᠠᠭᠤᠯᠤᠨ ᠪᠡᠭᠡᠵᠢᠩ᠂ ᠱᠠᠩᠬᠠᠢ ᠳᠤ ᠬᠦᠷᠴᠦ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/2/24
         2 ᠰᠠᠷ᠎ᠠ ᠶᠢᠨ 18 ᠤ ᠡᠳᠦᠷ ᠠᠴᠠ 21 ᠤ ᠡᠳᠦᠷ ᠪᠣᠯᠲᠠᠯ᠎ᠠ᠂ ᠬᠤᠲᠠ ᠶᠢᠨ ᠨᠠᠮ ᠤᠨ ᠬᠤᠷᠢᠶᠠᠨ ᠤ ᠱᠦᠵᠢ ᠵᠧᠤ ᠺᠠᠶ ᠪᠦᠯᠬᠦᠮ ᠳᠠᠭᠠᠭᠤᠯᠤᠨ ᠪᠡᠭᠡᠵᠢᠩ᠂ ᠱᠠᠩᠬᠠᠶ ᠳᠤ ᠬᠦᠷᠴᠦ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠪᠠ ᠲᠥᠷᠥᠯ ᠵᠦᠢᠯ ᠢ ᠵᠣᠯᠭᠠᠭᠤᠯᠬᠤ ᠠᠵᠢᠯᠯᠠᠭ᠎ᠠ ᠥᠷᠨᠢᠭᠦᠯᠪᠡ᠃    ᠵᠧᠦ ᠺᠠᠢ ᠤᠷᠢᠳ ᠬᠤᠵᠢᠳ ᠳᠤᠮᠳᠠᠳᠤ ᠤᠯᠤᠰ ᠤᠨ ᠴᠢᠯᠠᠭᠤᠨ ᠲᠤᠰᠤ ᠬᠢᠮᠢ ᠶᠢᠨ ᠠᠵᠤ ᠦᠢᠯᠡᠳᠪᠦᠷᠢ ᠶᠢᠨ ᠪᠦᠯᠦᠭᠯᠡᠯ᠂ ᠱᠠᠩᠬᠠᠢ ᠶᠢᠨ ᠬᠤᠸᠠ ᠢ ᠪᠦᠯᠦᠭᠯᠡᠯ᠂ ᠱᠢ ᠵᠢᠢ ᠢᠨᠲ᠋ᠧᠷ ᠰᠦᠯᠵᠢᠶᠡᠨ ᠤ ᠳ᠋ᠠᠶᠢᠲ᠋ᠠ ᠶᠢᠨ ᠲᠥᠪ ᠵᠡᠷᠭᠡ ᠠᠵᠤ ᠠᠬᠤᠶᠢᠯᠠᠯ ᠳᠤ ᠬᠦᠷᠴᠦ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠠᠵᠤ ᠠᠬᠤᠶᠢᠯᠠᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠲᠡᠷᠡ ᠬᠡᠯᠡᠭᠰᠡᠨ ᠨᠢ᠂ ᠣᠳᠣᠬᠠᠨ ᠳᠤ᠂ ᠤᠯᠠᠭᠠᠨᠴᠠᠪ ᠬᠤᠲᠠ ᠶᠠᠭ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠶᠠᠷ ᠶᠡᠭᠡ ᠶᠠᠪᠤᠳᠠᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠵᠦ᠂ ︽ᠵᠢᠷᠭᠤᠭᠠᠨ ᠠᠵᠢᠯᠯᠠᠭ᠎ᠠ︾ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠡᠬᠢ ᠪᠠᠶᠠᠯᠢᠭ ᠡᠯᠪᠡᠭ᠂ ᠵᠠᠮ ᠬᠠᠷᠢᠯᠴᠠᠭ᠎ᠠ ᠳᠥᠭᠦᠮ ᠳᠥᠲᠡ᠂ ᠠᠭᠤᠷ ᠠᠮᠢᠰᠬᠤᠯ ᠬᠦᠢᠲᠡᠨ ᠰᠡᠷᠢᠭᠦᠨ ᠵᠡᠷᠭᠡ ᠨᠡᠶᠢᠯᠡᠮᠡᠯ ᠳᠠᠪᠠᠭᠤᠯᠢᠭ ᠲᠤ ᠰᠠᠭᠤᠷᠢᠯᠠᠨ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠲᠣᠮᠣ ᠳ᠋ᠠᠶᠢᠲ᠋ᠠ ᠵᠡᠷᠬᠡ ᠠᠵᠤ ᠦᠢᠯᠡᠰ ᠢ ᠪᠦᠬᠦ ᠬᠦᠴᠦᠨ ᠢᠶᠠᠷ ᠢᠶᠠᠨ ᠬᠦᠴᠦᠷᠬᠡᠭᠵᠢᠬᠦᠯᠦᠨ ᠰᠢᠯᠢᠳᠡᠭᠵᠢᠬᠦᠯᠵᠤ᠂ ᠪᠣᠬᠢᠷᠲᠤᠯ ᠥᠬᠡᠶ ᠴᠠᠬᠢᠯᠭᠠᠨ ᠢᠶᠠᠷ ᠤᠰᠤᠲᠥ᠋ᠷᠥᠭᠴᠢ ᠶᠢ ᠦᠢᠯᠡᠳᠬᠦ ᠰᠢᠪᠲᠦᠷᠲᠦ ᠠᠯᠺᠣᠣᠯ ᠢ ᠲᠦᠷᠭᠡᠳᠬᠡᠨ ᠰᠢᠯᠢᠳᠡᠭᠵᠢᠭᠦᠯᠵᠦ᠂ ᠤᠯᠠᠭᠠᠨᠴᠠᠪ ᠤᠨ ᠶᠠᠨ ᠱᠠᠨ ᠴᠢᠯᠠᠭᠤᠨ ᠲᠣᠰᠣ ᠬᠢᠮᠢ ᠶᠢᠨ ᠤᠰᠤᠲᠥ᠋ᠷᠥᠭᠴᠢ ᠶᠢᠨ ᠬᠤᠭᠤᠯᠠᠢ  ᠶᠢᠨ ᠪᠦᠲᠦᠭᠡᠨ ᠪᠠᠶᠢᠭᠤᠯᠤᠯᠳᠠ ᠶᠢ ᠢᠳᠡᠪᠬᠢᠳᠡᠢ ᠠᠬᠢᠭᠤᠯᠵᠤ᠂ ᠪᠤᠬᠢᠷᠳᠤᠯ ᠦᠬᠡᠢ ᠤᠰᠤᠲᠥ᠋ᠷᠥᠭᠴᠢ ᠶᠢᠨ ︽ᠦᠢᠯᠡᠳᠴᠦ ᠳᠠᠮᠵᠢᠭᠤᠯᠤᠨ ᠬᠡᠷᠡᠭᠯᠡᠬᠦ︾ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠳᠥᠯᠭᠢᠨ ᠠᠬᠢᠭᠤᠯᠵᠤ ᠪᠠᠶᠢᠨ᠎ᠠ︔ ᠲᠣᠭᠠᠴᠢᠯᠠᠭᠰᠠᠨ ᠠᠵᠤ ᠦᠢᠯᠡᠰ ᠤᠨ ᠲᠤᠭ᠎ᠠ ᠪᠠᠷᠢᠮᠲᠠ ᠠᠴᠠ ᠲᠤᠭ᠎ᠠ ᠪᠠᠷᠢᠮᠲᠠ ᠶᠢ ᠬᠡᠷᠡᠭᠯᠡᠬᠦ᠂ ᠲᠤᠭ᠎ᠠ ᠪᠠᠷᠢᠮᠲᠠ ᠶᠢ ᠬᠤᠷᠠᠮᠳᠤᠭᠤᠯᠵᠤ ᠪᠠᠶᠢᠭᠰᠠᠨ ᠠᠴᠠ ᠲᠤᠭ᠎ᠠ ᠪᠠᠷᠢᠮᠲᠠ ᠶᠢᠨ ᠬᠡᠷᠡᠭᠯᠡᠯᠲᠡ᠂ ᠲᠤᠭ᠎ᠠ ᠪᠠᠷᠢᠮᠲᠠ ᠶᠢᠨ ᠨᠡᠮᠡᠭᠳᠡᠯ ᠳᠠᠰᠢ ᠳᠠᠪᠰᠢᠬᠤ ᠶᠢ ᠲᠦᠷᠭᠡᠳᠬᠡᠵᠦ᠂ ︽ᠪᠡᠭᠡᠵᠢᠩ ᠤᠨ ᠲᠤᠭ᠎ᠠ ᠪᠠᠷᠢᠮᠲᠠ ᠶᠢ ᠥᠪᠥᠷ ᠮᠣᠩᠭᠤᠯ ᠳᠤ ᠪᠤᠳᠤᠬᠤ︾᠂ ︽ᠱᠠᠩᠬᠠᠶ ᠶᠢᠨ ᠳᠤᠭ᠎ᠠ ᠪᠠᠷᠢᠮᠳᠡ ᠶᠢ ᠥᠪᠥᠷ ᠮᠣᠩᠭᠤᠯ ᠳᠤ ᠪᠤᠳᠤᠬᠤ︾ ᠲᠡᠶᠢᠰᠢ ᠭᠦᠨᠵᠡᠭᠡᠶ ᠣᠷᠣᠯᠴᠠᠵᠤ᠂ ᠬᠢᠮᠡᠯ ᠣᠶᠤᠨ ᠤ ᠲᠣᠮᠣ ᠵᠠᠭᠪᠤᠷ ᠤᠨ ᠬᠡᠷᠡᠭᠯᠡᠯᠲᠡ ᠶᠢ ᠢᠳᠡᠪᠬᠢᠲᠡᠶ ᠪᠠᠶᠢᠷᠢᠰᠢᠭᠤᠯᠪᠠ︔ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠮᠡᠷᠭᠡᠵᠢᠯ ᠤᠨ ᠥᠭᠡᠷᠡᠴᠢᠯᠡᠯᠲᠡ ᠶᠢᠨ ᠲᠠᠰ ᠳᠡᠪᠰᠢᠬᠦ ᠠᠯᠬᠤᠴᠠ ᠶᠢ ᠲᠦᠷᠭᠡᠳᠬᠡᠵᠦ᠂ PVDF ᠢᠶᠠᠷ ᠭᠤᠤᠯ ᠪᠣᠯᠭᠠᠭᠰᠠᠨ ᠹᠯᠣᠷᠲᠤ ᠰᠠᠭᠤᠷᠢ ᠰᠢᠨ᠎ᠡ ᠮᠠᠲ᠋ᠧᠷᠢᠶᠠᠯ ᠤᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠳᠥᠯᠭᠢᠨ ᠠᠬᠢᠭᠤᠯᠵᠤ ᠪᠠᠶᠢᠨ᠎ᠠ᠃ ᠠᠵᠤ ᠠᠬᠤᠶᠢᠯᠠᠯ ᠤᠨ ᠬᠢᠨ ᠲᠤᠰ ᠪᠡᠶ᠎ᠡ ᠶᠢᠨ ᠳᠠᠪᠠᠭᠤᠯᠢᠭ ᠢᠶᠠᠨ ᠢᠳᠡᠪᠬᠢᠲᠡᠢ ᠪᠠᠳᠠᠷᠠᠭᠤᠯᠵᠤ᠂ ᠤᠯᠠᠭᠠᠨᠴᠠᠪ ᠲᠠᠬᠢ ᠪᠡᠯᠡ ᠣᠷᠣᠭᠤᠯᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠣᠷᠣᠨ ᠨᠤᠲᠤᠭ ᠠᠵᠤ ᠠᠬᠤᠶᠢᠯᠠᠯ ᠬᠤᠶᠠᠷ ᠲᠠᠯ᠎ᠠ ᠶᠢᠨ ᠬᠠᠷᠢᠯᠴᠠᠨ ᠠᠰᠢᠭᠲᠠᠢ ᠪᠠᠶᠢᠬᠤ᠂ ᠬᠠᠮᠲᠤᠷᠠᠯᠴᠠᠭ᠎ᠠ ᠬᠢᠵᠦ ᠬᠠᠮᠲᠤᠪᠠᠷ ᠠᠰᠢᠭ ᠬᠦᠷᠳᠡᠬᠦ ᠶᠢ ᠠᠬᠢᠭᠤᠯᠬᠤ ᠶᠢ ᠬᠦᠰᠡᠵᠦ ᠪᠠᠶᠢᠨ᠎ᠠ᠃ ᠤᠯᠠᠭᠠᠨᠴᠠᠪ ᠬᠤᠲᠠ ︽ᠴᠢᠬᠤᠯᠠ ᠶᠡᠭᠡ ᠲᠥᠷᠥᠯ ᠵᠦᠢᠯ ᠢ ᠲᠥᠯᠥᠪᠵᠢᠭᠦᠯᠬᠦ ᠠᠵᠢᠯᠯᠠᠭ᠎ᠠ︾ ᠪᠠ ︽ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ︾ ᠶᠢ ᠭᠦᠨᠵᠡᠭᠡᠶ ᠥᠷᠨᠢᠭᠦᠯᠵᠦ᠂ ᠠᠵᠤ ᠠᠬᠤᠶᠢᠯᠠᠯ ᠳᠤ ︽ᠠᠰᠠᠷᠠᠭᠴᠢ ᠮᠠᠶ᠋ᠢᠭ ︾ ᠤᠨ ᠦᠢᠯᠡᠴᠢᠯᠡᠭᠡ ᠬᠠᠩᠭᠠᠵᠤ᠂ ᠬᠠᠮᠲᠤᠷᠠᠯᠴᠠᠭᠠᠨ ᠤ ᠲᠥᠷᠥᠯ ᠵᠦᠢᠯ ᠢ ᠡᠷᠲᠡ ᠪᠠᠶᠢᠭᠤᠯᠵᠤ᠂ ᠡᠷᠲᠡ ᠠᠰᠢᠭᠯᠠᠯᠲᠠ ᠳᠤ ᠣᠷᠣᠭᠤᠯᠵᠤ᠂ ᠡᠷᠲᠡ ᠦᠷ᠎ᠡ ᠪᠦᠲᠦᠮᠵᠢ ᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ ᠭᠡᠵᠦ ᠵᠢᠭᠠᠵᠤ ᠭᠠᠷᠭᠠᠪᠠ᠃                 ᠤᠷᠴᠢᠭᠤᠯᠤᠭᠴᠢ᠄ ᠬᠦᠰᠡᠯ                 ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2