ᠵᠧᠦ ᠺᠠᠢ ᠪᠦᠯᠬᠦᠮ ᠳᠠᠭᠠᠭᠤᠯᠤᠨ ᠪᠡᠭᠡᠵᠢᠩ᠂ ᠱᠠᠩᠬᠠᠢ ᠳᠤ ᠬᠦᠷᠴᠦ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/2/24
   2 ᠰᠠᠷ᠎ᠠ ᠶᠢᠨ 18 ᠤ ᠡᠳᠦᠷ ᠠᠴᠠ 21 ᠤ ᠡᠳᠦᠷ ᠪᠣᠯᠲᠠᠯ᠎ᠠ᠂ ᠬᠤᠲᠠ ᠶᠢᠨ ᠨᠠᠮ ᠤᠨ ᠬᠤᠷᠢᠶᠠᠨ ᠤ ᠱᠦᠵᠢ ᠵᠧᠤ ᠺᠠᠶ ᠪᠦᠯᠬᠦᠮ ᠳᠠᠭᠠᠭᠤᠯᠤᠨ ᠪᠡᠭᠡᠵᠢᠩ᠂ ᠱᠠᠩᠬᠠᠶ ᠳᠤ ᠬᠦᠷᠴᠦ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠪᠠ ᠲᠥᠷᠥᠯ ᠵᠦᠢᠯ ᠢ ᠵᠣᠯᠭᠠᠭᠤᠯᠬᠤ ᠠᠵᠢᠯᠯᠠᠭ᠎ᠠ ᠥᠷᠨᠢᠭᠦᠯᠪᠡ᠃    ᠵᠧᠦ ᠺᠠᠢ ᠤᠷᠢᠳ ᠬᠤᠵᠢᠳ ᠳᠤᠮᠳᠠᠳᠤ ᠤᠯᠤᠰ ᠤᠨ ᠴᠢᠯᠠᠭᠤᠨ ᠲᠤᠰᠤ ᠬᠢᠮᠢ ᠶᠢᠨ ᠠᠵᠤ ᠦᠢᠯᠡᠳᠪᠦᠷᠢ ᠶᠢᠨ ᠪᠦᠯᠦᠭᠯᠡᠯ᠂ ᠱᠠᠩᠬᠠᠢ ᠶᠢᠨ ᠬᠤᠸᠠ ᠢ ᠪᠦᠯᠦᠭᠯᠡᠯ᠂ ᠱᠢ ᠵᠢᠢ ᠢᠨᠲ᠋ᠧᠷ ᠰᠦᠯᠵᠢᠶᠡᠨ ᠤ ᠳ᠋ᠠᠶᠢᠲ᠋ᠠ ᠶᠢᠨ ᠲᠥᠪ ᠵᠡᠷᠭᠡ ᠠᠵᠤ ᠠᠬᠤᠶᠢᠯᠠᠯ ᠳᠤ ᠬᠦᠷᠴᠦ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠠᠵᠤ ᠠᠬᠤᠶᠢᠯᠠᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠲᠡᠷᠡ᠂ ᠣᠳᠣᠬᠠᠨ ᠳᠤ᠂ ᠤᠯᠠᠭᠠᠨᠴᠠᠪ ᠬᠤᠲᠠ ᠶᠠᠭ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠶᠠᠷ ᠶᠡᠭᠡ ᠶᠠᠪᠤᠳᠠᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠵᠦ᠂ ︽ᠵᠢᠷᠭᠤᠭᠠᠨ ᠠᠵᠢᠯᠯᠠᠭ᠎ᠠ︾ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠲᠣᠮᠣ ᠳ᠋ᠠᠶᠢᠲ᠋ᠠ ᠵᠡᠷᠭᠡ ᠬᠠᠮ ᠳᠠᠪᠠᠭᠤᠯᠢᠭ ᠲᠠᠭᠠᠨ ᠰᠠᠭᠤᠷᠢᠯᠠᠨ᠂ ᠪᠣᠬᠢᠷᠲᠤᠯ ᠥᠬᠡᠶ ᠴᠠᠬᠢᠯᠭᠠᠨ ᠢᠶᠠᠷ ᠤᠰᠤᠲᠥ᠋ᠷᠥᠭᠴᠢ ᠶᠢ ᠦᠢᠯᠡᠳᠬᠦ ᠰᠢᠪᠲᠦᠷᠲᠦ ᠠᠯᠺᠣᠣᠯ ᠢ ᠲᠦᠷᠭᠡᠳᠬᠡᠨ ᠰᠢᠯᠢᠳᠡᠭᠵᠢᠭᠦᠯᠵᠦ᠂ ᠤᠯᠠᠭᠠᠨᠴᠠᠪ ᠠᠴᠠ ᠶᠠᠨ ᠱᠠᠨ ᠬᠦᠷᠬᠦ ᠴᠢᠯᠠᠭᠤᠨ ᠲᠣᠰᠣ ᠬᠢᠮᠢ ᠶᠢᠨ ᠤᠰᠤᠲᠥ᠋ᠷᠥᠭᠴᠢ ᠳᠠᠮᠵᠢᠭᠤᠯᠬᠤ ᠬᠤᠭᠤᠯᠠᠶ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠪᠣᠬᠢᠷᠳᠤᠯ ᠦᠭᠡᠢ ᠤᠰᠤᠲᠥ᠋ᠷᠥᠭᠴᠢ ᠶᠢ ︽ᠦᠢᠯᠡᠳᠬᠦ ᠨᠥᠭᠡᠴᠡᠯᠡᠬᠦ ᠳᠠᠮᠵᠢᠭᠤᠯᠬᠤ ᠬᠡᠷᠡᠭᠯᠡᠬᠦ︾ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠠᠬᠢᠭᠤᠯᠵᠤ ᠪᠠᠶᠢᠨ᠎ᠠ︔ ᠲᠣᠭᠠᠴᠢᠯᠠᠭᠰᠠᠨ ᠠᠵᠤ ᠦᠢᠯᠡᠰ ᠤᠨ ᠲᠤᠭ᠎ᠠ ᠪᠠᠷᠢᠮᠲᠠ ᠶᠢ ᠬᠠᠳᠠᠭᠠᠯᠠᠵᠤ᠂ ᠲᠤᠭ᠎ᠠ ᠪᠠᠷᠢᠮᠲᠠ ᠶᠢ ᠬᠤᠷᠠᠮᠳᠤᠭᠤᠯᠵᠤ ᠪᠠᠶᠢᠭᠰᠠᠨ ᠠᠴᠠ ᠲᠤᠭ᠎ᠠ ᠪᠠᠷᠢᠮᠲᠠ ᠶᠢᠨ ᠬᠡᠷᠡᠭᠯᠡᠯᠲᠡ᠂ ᠲᠤᠭ᠎ᠠ ᠪᠠᠷᠢᠮᠲᠠ ᠶᠢᠨ ᠨᠡᠮᠡᠭᠳᠡᠯ ᠳᠠᠰᠢ ᠳᠠᠪᠰᠢᠬᠤ ᠶᠢ ᠲᠦᠷᠭᠡᠳᠬᠡᠵᠦ᠂ ︽ᠪᠡᠭᠡᠵᠢᠩ ᠤᠨ ᠲᠤᠭ᠎ᠠ ᠪᠠᠷᠢᠮᠲᠠ ᠶᠢ ᠥᠪᠥᠷ ᠮᠣᠩᠭᠤᠯ ᠳᠤ ᠪᠤᠳᠤᠬᠤ︾᠂ ︽ᠱᠠᠩᠬᠠᠶ ᠶᠢᠨ ᠲᠤᠭ᠎ᠠ ᠪᠠᠷᠢᠮᠲᠠ ᠶᠢ ᠥᠪᠥᠷ ᠮᠣᠩᠭᠤᠯ ᠳᠤ ᠪᠤᠳᠤᠬᠤ︾ ᠳᠤ ᠭᠦᠨᠵᠡᠭᠡᠶ ᠣᠷᠣᠯᠴᠠᠵᠤ᠂ ᠬᠢᠮᠡᠯ ᠣᠶᠤᠨ ᠤ ᠲᠣᠮᠣ ᠵᠠᠭᠪᠤᠷ ᠤᠨ ᠬᠡᠷᠡᠭᠯᠡᠯᠲᠡ ᠶᠢ ᠢᠳᠡᠪᠬᠢᠲᠡᠶ ᠪᠠᠶᠢᠷᠢᠰᠢᠭᠤᠯᠪᠠ︔ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠮᠡᠷᠭᠡᠵᠢᠯ ᠤᠨ ᠥᠭᠡᠷᠡᠴᠢᠯᠡᠯᠲᠡ ᠶᠢᠨ ᠲᠠᠰ ᠳᠡᠪᠰᠢᠬᠦ ᠠᠯᠬᠤᠴᠠ ᠶᠢ ᠲᠦᠷᠭᠡᠳᠬᠡᠵᠦ᠂ PVDF ᠢᠶᠠᠷ ᠭᠤᠤᠯ ᠪᠣᠯᠭᠠᠭᠰᠠᠨ ᠹᠯᠣᠷᠲᠤ ᠰᠠᠭᠤᠷᠢ ᠰᠢᠨ᠎ᠡ ᠮᠠᠲ᠋ᠧᠷᠢᠶᠠᠯ ᠤᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠳᠥᠯᠭᠢᠨ ᠠᠬᠢᠭᠤᠯᠵᠤ ᠪᠠᠶᠢᠨ᠎ᠠ᠃ ᠠᠵᠤ ᠠᠬᠤᠶᠢᠯᠠᠯ ᠤᠨ ᠬᠢᠨ ᠲᠤᠰ ᠪᠡᠶ᠎ᠡ ᠶᠢᠨ ᠳᠠᠪᠠᠭᠤᠯᠢᠭ ᠢᠶᠠᠨ ᠢᠳᠡᠪᠬᠢᠲᠡᠢ ᠪᠠᠳᠠᠷᠠᠭᠤᠯᠵᠤ᠂ ᠤᠯᠠᠭᠠᠨᠴᠠᠪ ᠲᠠᠬᠢ ᠪᠡᠯᠡ ᠣᠷᠣᠭᠤᠯᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠣᠷᠣᠨ ᠨᠤᠲᠤᠭ ᠠᠵᠤ ᠠᠬᠤᠶᠢᠯᠠᠯ ᠬᠤᠶᠠᠷ ᠲᠠᠯ᠎ᠠ ᠶᠢᠨ ᠬᠠᠷᠢᠯᠴᠠᠨ ᠠᠰᠢᠭᠲᠠᠢ ᠪᠠᠶᠢᠬᠤ᠂ ᠬᠠᠮᠲᠤᠷᠠᠯᠴᠠᠭ᠎ᠠ ᠬᠢᠵᠦ ᠬᠠᠮᠲᠤᠪᠠᠷ ᠠᠰᠢᠭ ᠬᠦᠷᠳᠡᠬᠦ ᠶᠢ ᠠᠬᠢᠭᠤᠯᠬᠤ ᠶᠢ ᠬᠦᠰᠡᠵᠦ ᠪᠠᠶᠢᠨ᠎ᠠ᠃ ᠤᠯᠠᠭᠠᠨᠴᠠᠪ ᠬᠤᠲᠠ ︽ᠴᠢᠬᠤᠯᠠ ᠶᠡᠭᠡ ᠲᠥᠷᠥᠯ ᠵᠦᠢᠯ ᠢ ᠲᠥᠯᠥᠪᠵᠢᠭᠦᠯᠬᠦ ᠠᠵᠢᠯᠯᠠᠭ᠎ᠠ︾ ᠪᠠ ︽ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ︾ ᠶᠢ ᠭᠦᠨᠵᠡᠭᠡᠶ ᠥᠷᠨᠢᠭᠦᠯᠵᠦ᠂ ᠠᠵᠤ ᠠᠬᠤᠶᠢᠯᠠᠯ ᠳᠤ ︽ᠠᠰᠠᠷᠠᠭᠴᠢ ᠮᠠᠶ᠋ᠢᠭ︾ ᠤᠨ ᠦᠢᠯᠡᠴᠢᠯᠡᠭᠡ ᠬᠠᠩᠭᠠᠵᠤ᠂ ᠬᠠᠮᠲᠤᠷᠠᠯᠴᠠᠭᠠᠨ ᠤ ᠲᠥᠷᠥᠯ ᠵᠦᠢᠯ ᠢ ᠡᠷᠲᠡ ᠪᠠᠶᠢᠭᠤᠯᠵᠤ᠂ ᠡᠷᠲᠡ ᠠᠰᠢᠭᠯᠠᠯᠲᠠ ᠳᠤ ᠣᠷᠣᠭᠤᠯᠵᠤ᠂ ᠡᠷᠲᠡ ᠦᠷ᠎ᠡ ᠪᠦᠲᠦᠮᠵᠢ ᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ ᠭᠡᠵᠦ ᠬᠡᠯᠡᠪᠡ᠃    ᠬᠠᠮᠢᠶ᠎ᠠ ᠪᠦᠬᠦᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠤᠯᠠᠭᠠᠨᠴᠠᠪ ᠬᠤᠲᠠ ᠯᠤᠭ᠎ᠠ ᠶᠢᠨ ᠨᠡᠪᠲᠡᠷᠡᠯᠴᠡᠭᠡ ᠰᠣᠯᠢᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠣᠷᠣᠨ ᠨᠤᠲᠤᠭ ᠪᠠ ᠠᠵᠤ ᠠᠬᠤᠶᠢᠯᠠᠯ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠨᠡᠶᠢᠯᠡᠯᠲᠡ ᠶᠢᠨ ᠴᠡᠭ ᠢ ᠣᠨᠣᠪᠴᠢᠲᠠᠶ ᠡᠷᠢᠨ ᠣᠯᠵᠤ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠣᠶᠤᠨᠴᠢ ᠪᠣᠳᠣᠯᠭ᠎ᠠ ᠶᠢᠨ ᠬᠡᠲᠦ ᠪᠣᠳᠣᠯᠭ᠎ᠠ ᠵᠡᠷᠭᠡ ᠲᠠᠯ᠎ᠠ ᠪᠠᠷ ᠨᠠᠩ ᠭᠦᠨ ᠲᠠᠰ ᠳᠠᠪᠬᠤᠷᠭ᠎ᠠ᠂ ᠨᠠᠩ ᠥᠷᠭᠡᠨ ᠬᠦᠷᠢᠶᠡᠨ ᠳᠠᠬᠢ ᠪᠣᠳᠠᠲᠠᠶ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠴᠢᠷᠮᠠᠶᠢᠨ ᠪᠡᠶᠡᠯᠡᠭᠦᠯᠦᠨ᠎ᠡ ᠭᠡᠵᠡᠶ᠃    ᠹᠠᠩ ᠽᠧ᠂ ᠰᠦᠢ ᠵᠢᠶᠠᠨ ᠬᠤᠸᠠ ᠠᠵᠢᠯᠯᠠᠭ᠎ᠠ ᠳᠤ ᠣᠷᠣᠯᠴᠠᠵᠠᠢ᠃                                          ᠣᠷᠴᠢᠭᠤᠯᠤᠭᠴᠢ᠄ ᠭᠤᠸ᠎ᠠ                                          ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2