ᠤᠯᠠᠭᠠᠨᠴᠠᠪ ᠬᠤᠲᠠ ᠶᠢᠨ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ 2024 ᠣᠨ ᠤ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠣᠷᠣᠯᠭ᠎ᠠ ᠵᠠᠷᠤᠯᠭ᠎ᠠ ᠦᠯᠡᠳᠡᠪᠦᠷᠢ ᠶᠢᠨ ᠪᠠᠶᠢᠳᠠᠯ ᠤᠨ ᠢᠯᠡ ᠵᠠᠷᠯᠠᠯ
ᠨᠡᠶᠢᠲᠡᠯᠡᠭᠰᠡᠨ ᠴᠠᠭ᠄
2025/2/25
   ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠡᠶᠢᠭᠡᠮ ᠤᠨ ᠳᠠᠭᠠᠳᠬᠠᠯ ᠤᠨ ᠬᠠᠤᠯᠢ︾᠂ ︽ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠡᠷᠡᠭᠯᠡᠯᠲᠡ ᠳᠤ ᠬᠢᠨᠠᠯᠲᠠ ᠲᠠᠯᠪᠢᠵᠤ ᠬᠠᠮᠢᠶᠠᠷᠬᠤ ᠳᠦᠷᠢᠮ︾ ᠤᠨ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ᠂ ᠡᠮᠴᠢᠯᠡᠭᠡᠨ ᠤ ᠪᠠᠲᠤᠯᠠᠭ᠎ᠠ ᠶᠢ ᠭᠠᠷᠳᠠᠨ ᠭᠦᠢᠴᠡᠳᠬᠡᠬᠦ ᠪᠠᠶᠢᠭᠤᠯᠤᠮᠵᠢ ᠨᠢ ᠨᠡᠶᠢᠭᠡᠮ ᠤᠨ ᠬᠢᠨᠠᠯᠲᠠ ᠶᠢ ᠬᠦᠯᠢᠶᠡᠵᠦ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠣᠷᠣᠯᠭ᠎ᠠ᠂ ᠵᠠᠷᠤᠯᠭ᠎ᠠ᠂ ᠦᠯᠡᠳᠡᠪᠦᠷᠢ ᠵᠡᠷᠭᠡ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠭᠡᠮ ᠳᠤ ᠢᠯᠡ ᠪᠣᠯᠭᠠᠬᠤ ᠬᠡᠷᠡᠭᠲᠡᠶ᠃ ᠡᠳᠦᠭᠡ ᠤᠯᠠᠭᠠᠨᠴᠠᠪ ᠬᠤᠲᠠ ᠶᠢᠨ 2024 ᠣᠨ ᠤ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠣᠷᠣᠯᠭ᠎ᠠ ᠵᠠᠷᠤᠯᠭ᠎ᠠ ᠦᠯᠡᠳᠡᠪᠦᠷᠢ ᠶᠢᠨ  ᠪᠠᠶᠢᠳᠠᠯ ᠢ ᠳᠣᠤᠷᠠᠬᠢ ᠮᠡᠲᠦ ᠵᠠᠷᠯᠠᠶ᠎ᠠ᠄     ᠨᠢᠭᠡ᠂ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ     2024 ᠣᠨ ᠤ 1 ᠰᠠᠷ᠎ᠠ ᠠᠴᠠ 12 ᠰᠠᠷ᠎ᠠ ᠪᠣᠯᠲᠠᠯ᠎ᠠ᠂ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠣᠷᠣᠯᠭ᠎ᠠ 18.43 ᠳ᠋ᠦᠩᠰᠢᠭᠤᠷ ᠲᠥᠭᠦᠷᠢᠭ ︵ᠡᠭᠦᠨ ᠳᠤ᠄ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ ᠶᠢᠨ ᠣᠷᠣᠯᠭ᠎ᠠ 13.62 ᠳ᠋ᠦᠩᠰᠢᠭᠤᠷ ᠲᠥᠭᠦᠷᠢᠭ᠂ ᠬᠤᠪᠢ ᠬᠥᠮᠦᠨ ᠤ ᠲᠠᠩᠰᠠᠨ ᠡᠷᠦᠬᠡ ᠶᠢᠨ ᠰᠠᠭᠤᠷᠢ ᠮᠥᠩᠭᠦ ᠶᠢᠨ ᠣᠷᠣᠯᠭ᠎ᠠ 4.81 ᠳ᠋ᠦᠩᠰᠢᠭᠤᠷ ᠲᠥᠭᠦᠷᠢᠭ︶᠂ ᠵᠠᠷᠤᠯᠭ᠎ᠠ 18.97 ᠳ᠋ᠦᠩᠰᠢᠭᠤᠷ ᠲᠥᠭᠦᠷᠢᠭ ︵ᠡᠭᠦᠨ ᠳᠤ᠄ ᠰᠠᠭᠤᠷᠢ ᠮᠥᠩᠭᠦ ᠶᠢᠨ ᠵᠠᠷᠤᠯᠭ᠎ᠠ 12.77 ᠳ᠋ᠦᠩᠰᠢᠭᠤᠷ ᠲᠥᠭᠦᠷᠢᠭ᠂ ᠬᠤᠪᠢ ᠬᠥᠮᠦᠨ ᠤ ᠲᠠᠩᠰᠠᠨ ᠡᠷᠦᠬᠡ ᠶᠢᠨ ᠰᠠᠭᠤᠷᠢ ᠮᠥᠩᠭᠦ ᠶᠢᠨ ᠵᠠᠷᠤᠯᠭ᠎ᠠ 6.2 ᠳ᠋ᠦᠩᠰᠢᠭᠤᠷ ᠲᠥᠭᠦᠷᠢᠭ︶᠂ ᠰᠠᠭᠤᠷᠢ ᠮᠥᠩᠭᠦ ᠶᠢᠨ ᠦᠯᠡᠳᠡᠪᠦᠷᠢ 28.36 ᠳ᠋ᠦᠩᠰᠢᠭᠤᠷ ᠲᠥᠭᠦᠷᠢᠭ ︵ᠡᠭᠦᠨ ᠳᠤ᠄ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ 17 ᠳ᠋ᠦᠩᠰᠢᠭᠤᠷ ᠲᠥᠭᠦᠷᠢᠭ᠂ ᠬᠤᠪᠢ ᠬᠥᠮᠦᠨ ᠤ ᠲᠠᠩᠰᠠᠨ ᠡᠷᠦᠬᠡ ᠶᠢᠨ ᠰᠠᠭᠤᠷᠢ ᠮᠥᠩᠭᠦ 11.36 ᠳ᠋ᠦᠩᠰᠢᠭᠤᠷ ᠲᠥᠭᠦᠷᠢᠭ︶᠃     ᠬᠤᠶᠠᠷ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ     2024 ᠣᠨ ᠤ 1 ᠰᠠᠷ᠎ᠠ ᠠᠴᠠ 12 ᠰᠠᠷ᠎ᠠ ᠪᠣᠯᠲᠠᠯ᠎ᠠ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠣᠷᠣᠯᠭ᠎ᠠ 17.91 ᠳ᠋ᠦᠩᠰᠢᠭᠤᠷ ᠲᠥᠭᠦᠷᠢᠭ᠂ 17.91 ᠳ᠋ᠦᠩᠰᠢᠭᠤᠷ ᠲᠥᠭᠦᠷᠢᠭ ᠵᠠᠷᠤᠴᠠᠭᠤᠯᠵᠤ᠂ ᠰᠠᠭᠤᠷᠢ ᠮᠥᠩᠭᠦ ᠶᠢᠨ ᠦᠯᠡᠳᠡᠪᠦᠷᠢ ᠨᠡᠶᠢᠲᠡ 14.63 ᠳ᠋ᠦᠩᠰᠢᠭᠤᠷ ᠲᠥᠭᠦᠷᠢᠭ᠃                                            ᠣᠷᠴᠢᠭᠤᠯᠤᠭᠴᠢ᠄ ᠭᠤᠸ᠎ᠠ                                          ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2