2 ᠰᠠᠷ᠎ᠠ ᠶᠢᠨ 24 ᠤ ᠡᠳᠦᠷ᠂ ᠬᠤᠳᠠ ᠶᠢᠨ ᠨᠠᠮ ᠤᠨ ᠬᠤᠷᠢᠶ᠎ᠠ ᠪᠦᠬᠦ ᠲᠠᠯ᠎ᠠ ᠪᠠᠷ ᠬᠠᠤᠯᠢ ᠪᠠᠷ ᠬᠤᠳᠠ ᠪᠠᠨ | ᠵᠠᠰᠠᠬᠤ ᠵᠥᠪᠯᠡᠯ ᠤᠨ ᠲᠤᠰᠬᠠᠢ ᠰᠡᠳᠦᠪᠲᠦ ᠲᠣᠭᠠᠴᠢᠯᠳᠠ ᠶᠢᠨ ᠬᠤᠷᠠᠯ ᠢ ᠬᠤᠷᠠᠯᠳᠤᠭᠤᠯᠵᠤ᠂ ᠨᠠᠮ ᠤᠨ ᠬᠤᠷᠢᠳᠤᠭᠠᠷ | ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠬᠤᠶᠠᠳᠤᠭᠠᠷ ᠪᠦᠬᠦᠳᠡ ᠬᠤᠷᠠᠯ᠂ ᠭᠤᠷᠪᠠᠳᠤᠭᠠᠷ ᠪᠦᠬᠦᠳᠡ | ᠬᠤᠷᠠᠯ ᠤᠨ ᠵᠣᠷᠢᠭ ᠰᠠᠨᠠᠭ᠎ᠠ ᠪᠣᠯᠤᠨ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠭᠤᠰᠢᠯᠠᠭᠤᠯᠵᠤ᠂ ᠠᠵᠢᠯ ᠤᠨ ᠡᠭᠦᠷᠭᠡ ᠶᠢ ᠰᠤᠳᠤᠯᠤᠨ ᠪᠠᠶᠢᠷᠢᠯᠠᠭᠤᠯᠪᠠ᠃ | ᠬᠤᠲᠠ ᠶᠢᠨ ᠨᠠᠮ ᠤᠨ ᠬᠤᠷᠢᠶᠠᠨ ᠤ ᠱᠦᠵᠢ᠂ ᠬᠤᠲᠠ ᠶᠢᠨ ᠨᠠᠮ ᠤᠨ ᠬᠤᠷᠢᠶᠠᠨ ᠤ ᠪᠥᠬᠦ ᠲᠠᠯ᠎ᠠ ᠪᠠᠷ | ᠬᠠᠤᠯᠢ ᠪᠠᠷ ᠬᠤᠲᠠ ᠪᠠᠨ ᠵᠠᠰᠠᠬᠤ ᠵᠥᠪᠯᠡᠯ ᠤᠨ ᠡᠷᠬᠢᠯᠡᠭᠴᠢ ᠵᠧᠤ ᠺᠠᠶ ᠬᠤᠷᠠᠯ ᠡᠷᠭᠢᠯᠡᠭᠰᠡᠨ ᠪᠥᠭᠡᠳ ᠶᠠᠷᠢᠶ᠎ᠠ | ᠲᠠᠯᠪᠢᠵᠠᠶ᠃ ᠬᠠᠮᠢᠶ᠎ᠠ ᠪᠦᠬᠦᠢ ᠬᠤᠲᠠ ᠶᠢᠨ ᠤᠳᠤᠷᠢᠳᠤᠯᠭ᠎ᠠ ᠬᠤᠷᠠᠯ ᠳᠤ ᠣᠷᠣᠯᠴᠠᠪᠠ᠃ | ᠬᠤᠷᠠᠯ ᠠᠴᠠ ᠥᠩᠭᠡᠷᠡᠭᠰᠡᠨ ᠨᠢᠭᠡ ᠵᠢᠯ ᠳᠤ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠭᠤᠣᠯ | ᠬᠠᠷᠢᠭᠤᠴᠠᠯᠭᠠᠲᠠᠨ ᠨᠥᠬᠦᠷ ᠤᠨ ᠬᠠᠤᠯᠢᠵᠢᠯ ᠤᠨ ᠪᠠᠶᠢᠭᠤᠯᠤᠯᠲᠠ ᠶᠢ ᠠᠬᠢᠭᠤᠯᠬᠤ ᠲᠠᠯ᠎ᠠ ᠪᠠᠷ ᠣᠯᠤᠭᠰᠠᠨ | ᠠᠮᠵᠢᠯᠲᠠ ᠶᠢ ᠭᠦᠢᠴᠡᠳ ᠨᠤᠲᠠᠯᠠᠵᠤ᠂ ᠣᠷᠣᠰᠢᠵᠤ ᠪᠠᠶᠢᠭ᠎ᠠ ᠠᠰᠠᠭᠤᠳᠠᠯ ᠪᠣᠯᠤᠨ ᠬᠦᠷᠦᠯᠴᠡᠬᠦ ᠦᠭᠡᠢ ᠲᠠᠯ᠎ᠠ ᠶᠢ | ᠪᠤᠰᠤᠳᠴᠢ ᠪᠠᠷ ᠵᠠᠳᠠᠯᠤᠭᠰᠠᠨ ᠪᠥᠭᠡᠳ ᠬᠠᠤᠯᠢ ᠪᠠᠷ ᠬᠤᠳᠠ ᠪᠠᠨ ᠵᠠᠰᠠᠬᠤ ᠠᠵᠢᠯ ᠢ ᠴᠢᠩᠭᠠᠳᠬᠠᠬᠤ ᠲᠤᠬᠠᠢ | ᠪᠣᠳᠠᠲᠠᠢ ᠲᠤᠬᠢᠷᠠᠭᠤᠯᠤᠯᠳᠠ ᠬᠢᠪᠡ᠃ | ᠬᠤᠷᠠᠯ ᠠᠴᠠ᠂ ︽ᠤᠯᠤᠰ ᠲᠦᠷᠦ ᠶᠢ ᠡᠷᠬᠢᠮᠯᠡᠬᠦ︾ ᠪᠠᠷ ᠦᠨᠳᠦᠰᠦ ᠪᠣᠯᠭᠠᠵᠤ᠂ ᠰᠢ ᠶᠢᠨ ᠫᠢᠩ ᠤᠨ | ᠬᠠᠤᠯᠢᠵᠢᠯ ᠤᠨ ᠦᠵᠡᠯ ᠰᠠᠨᠠᠭᠠᠨ ᠤ ᠪᠠᠶᠠᠯᠢᠭ ᠠᠭᠤᠯᠤᠭᠳᠠᠬᠤᠨ᠂ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ | ᠣᠶᠢᠯᠠᠭᠠᠵᠤ᠂ ᠪᠦᠬᠦ ᠲᠠᠯ᠎ᠠ ᠪᠠᠷ ᠬᠠᠤᠯᠢ ᠪᠠᠷ ᠬᠤᠳᠠ ᠪᠠᠨ ᠵᠠᠰᠠᠬᠤ ᠵᠥᠪ ᠴᠢᠭᠯᠡᠯ ᠢ ᠪᠠᠲᠤ ᠡᠵᠡᠮᠳᠡᠬᠦ ᠬᠡᠷᠡᠭᠲᠡᠢ᠃ ︽ | ᠬᠥᠭᠵᠢᠯᠲᠡ ᠶᠢ ᠠᠬᠢᠭᠤᠯᠬᠤ︾ ᠪᠠᠷ ᠵᠠᠩᠭᠢᠯᠠᠭ᠎ᠠ ᠪᠣᠯᠭᠠᠵᠤ᠂ ᠠᠵᠤ ᠠᠬᠤᠶᠢᠯᠠᠯ ᠢ ᠳᠡᠮᠵᠢᠬᠦ ᠠᠵᠢᠯᠯᠠᠭ᠎ᠠ ᠶᠢ ᠶᠡᠬᠡᠪᠡᠷ | ᠥᠷᠨᠢᠭᠦᠯᠵᠦ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ | ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠴᠢᠩᠭ᠎ᠠ ᠵᠢᠷᠤᠮᠵᠢᠭᠤᠯᠵᠤ᠂ ᠬᠠᠤᠯᠢ ᠪᠠᠷ ᠵᠠᠰᠠᠬᠤ ᠠᠷᠭ᠎ᠠ ᠮᠠᠶ᠋ᠢᠭ ᠢᠶᠠᠷ ᠠᠵᠤ | ᠠᠬᠤᠶ ᠶᠢᠨ ᠬᠥᠭᠵᠢᠯᠲᠡ ᠶᠢ ᠠᠬᠢᠭᠤᠯᠬᠤ ᠬᠡᠷᠡᠭᠲᠡᠶ︔ ᠬᠠᠤᠯᠢ ᠪᠠᠷ ᠵᠠᠰᠠᠬᠤ ᠪᠠᠷ ᠠᠷᠠᠳ ᠲᠤ ᠠᠰᠢᠭ ᠬᠦᠷᠲᠡᠭᠡᠬᠦ | ᠢᠨᠵᠧᠨᠧᠷᠢᠩ ᠤᠨ ᠲᠦᠷᠦᠯ ᠵᠦᠢᠯ ᠢ ᠰᠠᠶᠢᠲᠤᠷ ᠬᠡᠷᠡᠭᠵᠢᠭᠦᠯᠵᠦ᠂ ᠬᠤᠳᠠ ᠬᠥᠳᠡᠭᠡ ᠶᠢ ᠬᠠᠮᠤᠷᠤᠭᠰᠠᠨ ᠤᠯᠠᠨ | ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮ ᠢ ᠪᠦᠷᠢᠨᠰᠢᠬᠦᠯᠵᠤ᠂ ᠬᠠᠤᠯᠢ ᠴᠠᠭᠠᠵᠠ ᠶᠢᠨ | ᠦᠢᠯᠡᠴᠢᠯᠡᠭᠡᠨ ᠤ ᠬᠠᠩᠭᠠᠯᠭ᠎ᠠ ᠶᠢ ᠦᠷᠭᠦᠯᠵᠢᠯᠡᠨ ᠰᠢᠯᠢᠳᠡᠭᠵᠢᠭᠦᠯᠵᠦ᠂ ᠡᠯ᠎ᠡ ᠲᠦᠷᠦᠯ ᠤᠨ ᠬᠠᠤᠯᠢ ᠠᠴᠠ | ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠴᠦ᠂ ᠬᠠᠤᠯᠢ ᠪᠠᠷ ᠵᠠᠰᠠᠬᠤ | ᠬᠦᠴᠦᠨ ᠢᠶᠠᠷ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠬᠠᠮᠠᠭᠠᠯᠠᠬᠤ ᠬᠡᠷᠡᠭᠲᠡᠢ︔ ᠰᠢᠰᠲ᠋ᠧᠮ ᠤᠨ ᠴᠢᠨᠠᠷᠲᠠᠢ | ᠣᠷᠣᠨ ᠪᠦᠰᠡ ᠶᠢᠨ ᠴᠢᠨᠠᠷᠲᠠᠢ ᠴᠢᠬᠤᠯᠠ ᠶᠡᠭᠡ ᠠᠶᠤᠯ ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ ᠡᠷᠡᠰ | ᠰᠠᠬᠢᠵᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠬᠠᠤᠯᠢ ᠪᠠᠷ ᠵᠠᠰᠠᠬᠤ ᠶᠢ ᠭᠦᠨᠵᠡᠭᠡᠢ ᠠᠬᠢᠭᠤᠯᠵᠤ᠂ ᠬᠠᠤᠯᠢ ᠪᠠᠷ | ᠵᠠᠰᠠᠬᠤ ᠰᠡᠳᠬᠢᠬᠦᠢ ᠪᠠᠷ ᠠᠶᠤᠯ ᠲᠦᠭᠰᠢᠭᠦᠷᠢ ᠶᠢ ᠰᠡᠷᠭᠡᠶᠢᠯᠡᠬᠦ ᠪᠠ ᠠᠷᠢᠯᠭᠠᠬᠤ ᠬᠡᠷᠡᠭᠲᠡᠢ᠃ ︽ᠬᠠᠮᠲᠤᠷᠠᠯ ᠤᠨ | ᠬᠦᠴᠦᠨ ᠢ ᠨᠢᠭᠲᠠᠷᠠᠭᠤᠯᠬᠤ︾ ᠪᠠᠷ ᠰᠠᠭᠤᠷᠢ ᠪᠣᠯᠭᠠᠵᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ | ᠴᠢᠩᠭᠠᠳᠬᠠᠵᠤ᠂ ᠬᠠᠤᠯᠢᠵᠢᠯ ᠤᠨ ᠡᠩᠨᠡᠭᠡ ᠶᠢ ᠪᠠᠶᠢᠭᠤᠯᠤᠨ ᠬᠦᠴᠦᠷᠬᠡᠭᠵᠢᠭᠦᠯᠵᠦ᠂ ᠴᠢᠩᠭ᠎ᠠ ᠱᠠᠯᠠᠪᠳᠠᠭᠤᠯᠤᠨ | ᠪᠣᠳᠠᠲᠠᠢ ᠰᠢᠯᠭᠠᠬᠤ ᠶᠢ ᠪᠠᠷᠢᠮᠲᠠᠯᠠᠵᠤ᠂ ᠬᠠᠤᠯᠢ ᠶᠣᠰᠣᠭᠠᠷ ᠵᠠᠰᠠᠬᠤ ᠪᠠᠷ ᠨᠡᠶᠢᠭᠡᠮ ᠤᠨ ᠡᠶ᠎ᠡ ᠵᠣᠬᠢᠴᠠᠩᠭᠤᠢ | ᠲᠣᠭᠲᠠᠭᠤᠨ ᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠳᠡᠭᠡᠷ᠎ᠡ᠂ ᠵᠢᠨᠢᠩ ᠲᠣᠭᠤᠷᠢᠭ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ᠂ ᠵᠦᠸᠧᠽᠢ ᠰᠢᠶᠠᠨ | ᠪᠣᠯᠤᠨ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠪᠴᠢᠶ᠎ᠠ ᠶᠢᠨ ᠭᠤᠤᠯ ᠬᠠᠷᠢᠭᠤᠴᠠᠯᠭᠠᠲᠠᠨ ᠲᠤᠬᠠᠶ ᠶᠢᠨ ᠲᠠᠯᠠᠪᠠᠶ ᠳᠤ ᠮᠡᠳᠡᠭᠦᠯᠦᠯᠲᠡ | ᠲᠣᠭᠠᠴᠢᠵᠤ᠂ ᠪᠤᠰᠤᠳ ᠬᠤᠰᠢᠭᠤ ᠰᠢᠶᠠᠨ ᠪᠠ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠭᠤᠤᠯ | ᠬᠠᠷᠢᠭᠤᠴᠠᠯᠭᠠᠲᠠᠨ ᠨᠥᠬᠦᠳ ᠦᠰᠦᠭ ᠤᠨ ᠬᠡᠯᠪᠡᠷᠢ ᠪᠠᠷ ᠮᠡᠳᠡᠭᠦᠯᠦᠯᠲᠡ ᠬᠢᠵᠦ᠂ ᠵᠧᠦ ᠺᠠᠢ ᠦᠨᠡᠯᠡᠯᠲᠡ ᠬᠢᠪᠡ᠃ | ᠣᠷᠴᠢᠭᠤᠯᠤᠭᠴᠢ᠄ ᠭᠤᠸ᠎ᠠ | ᠬᠢᠨᠠᠭᠴᠢ᠄ ᠠᠷᠢᠭᠤᠨ |