ᠱᠠᠩᠳᠤ ᠰᠢᠶᠠᠨ᠄ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ︽ᠭᠠᠯ ᠰᠡᠷᠭᠡᠶᠢᠯᠡᠬᠦ ᠬᠡᠷᠡᠮ︾ ᠢ ᠪᠠᠲᠤ ᠴᠣᠭᠴᠠᠯᠠᠵᠤ ᠠᠶᠤᠯ ᠲᠦᠭᠰᠢᠭᠦᠷᠢ ᠶᠢ ᠰᠡᠷᠭᠡᠶᠢᠯᠡᠨ᠎ᠡ
ᠨᠡᠶᠢᠲᠡᠯᠡᠭᠰᠡᠨ ᠴᠠᠭ᠄
2025/2/25
         ᠨᠢᠭᠡ ᠳᠤ ᠭᠠᠯ ᠤᠨ ᠡᠬᠢ ᠰᠤᠷᠪᠤᠯᠵᠢ ᠶᠢ ᠬᠠᠮᠢᠶᠠᠷᠤᠨ ᠡᠵᠡᠮᠳᠡᠬᠦ ᠶᠢ ᠴᠢᠩᠳᠠᠯᠠᠪᠡ᠃ ᠣᠳᠣᠬᠠᠨ ᠪᠣᠯᠲᠠᠯ᠎ᠠ᠂ ᠱᠠᠩᠳᠤ ᠰᠢᠶᠠᠨ ᠳᠤ ᠨᠡᠶᠢᠲᠡ 10 ᠬᠠᠷᠢᠭᠤᠴᠠᠯᠭᠠᠲᠤ ᠣᠷᠣᠨ᠂ 16 ᠭᠠᠯ ᠰᠡᠷᠭᠡᠶᠢᠯᠡᠬᠦ ᠪᠠᠶᠢᠴᠠᠭᠠᠯᠲᠠ ᠶᠢᠨ ᠪᠣᠭᠤᠮᠲᠠ ᠭᠠᠷᠭᠠᠵᠤ᠂ ᠡᠭᠦᠨ ᠳᠤ ᠴᠡᠷᠢᠭ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠰᠠᠭᠤᠷᠢᠨ ᠭᠠᠵᠠᠷ᠂ ᠭᠤᠤᠯᠳᠠᠯᠭ᠎ᠠ ᠲᠠᠢ ᠰᠢᠭᠤᠶᠢᠲᠤ ᠣᠷᠣᠨ ᠤ ᠡᠷᠬᠢᠨ ᠲᠣᠭᠤᠷᠢᠨ ᠳᠤ 8 ᠪᠤᠭᠤᠮᠳᠡ ᠭᠠᠷᠭᠠᠵᠤ ᠵᠢᠯ ᠲᠤᠷᠰᠢ ᠪᠠᠶᠢᠴᠠᠭᠠᠯᠲᠠ ᠬᠢᠵᠦ᠂ ᠪᠤᠰᠤᠳ 8 ᠨᠢ ᠭᠤᠤᠯᠳᠠᠯᠭ᠎ᠠ ᠲᠠᠢ ᠤᠯᠠᠮᠵᠢᠯᠠᠯᠲᠤ ᠲᠠᠬᠢᠯᠭ᠎ᠠ ᠶᠢᠨ ᠪᠠᠶᠠᠷ ᠤᠨ ᠡᠳᠦᠷ ᠲᠤ ᠠᠵᠢᠯᠯᠠᠭᠤᠯᠤᠨ᠎ᠡ᠃    ᠬᠤᠶᠠᠷ ᠲᠤ᠂ ᠤᠬᠠᠭᠤᠯᠭ᠎ᠠ ᠬᠥᠮᠦᠵᠢᠯ ᠢ ᠴᠢᠩᠭᠠᠳᠬᠠᠪᠡ᠃ 2025 ᠣᠨ ᠤ 2 ᠰᠠᠷ᠎ᠠ ᠪᠣᠯᠲᠠᠯ᠎ᠠ᠂ ᠨᠢᠭᠡᠨᠲᠡ 6 ᠤᠳᠠᠭ᠎ᠠ ᠤᠬᠠᠭᠤᠯᠭ᠎ᠠ ᠶᠢᠨ ᠲᠡᠷᠭᠡ ᠬᠥᠳᠡᠯᠭᠡᠵᠦ᠂ 20 ᠭᠠᠷᠤᠶ ᠬᠥᠨᠳᠡᠯᠡᠨ ᠪᠢᠴᠢᠭᠡᠰᠦ ᠡᠯᠭᠦᠵᠦ᠂ ᠭᠠᠯ ᠢ ᠰᠡᠷᠭᠡᠶᠢᠯᠡᠬᠦ ᠰᠠᠨᠠᠭᠠᠴᠢᠯᠠᠭ᠎ᠠ ᠶᠢᠨ ᠪᠢᠴᠢᠭ 5000 ᠭᠠᠷᠤᠶ ᠬᠤᠪᠢ ᠲᠠᠷᠬᠠᠭᠠᠵᠤ᠂ 3000 ᠭᠠᠷᠤᠶ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠭᠠᠯ ᠢ ᠰᠡᠷᠭᠡᠶᠢᠯᠡᠬᠦ ᠤᠬᠠᠭᠤᠯᠭ᠎ᠠ ᠶᠢᠨ ᠲᠤᠭ 400 ᠭᠠᠷᠤᠶ ᠨᠢᠭᠤᠷ ᠡᠯᠭᠦᠵᠦ᠂ ᠣᠳᠣᠬᠠᠨ ᠳᠤ ᠭᠠᠯ ᠢ ᠰᠡᠷᠭᠡᠶᠢᠯᠡᠬᠦ ᠲᠥᠪ ᠪᠦᠬᠦ ᠰᠢᠶᠠᠨ ᠤ 10 ᠰᠢᠶᠠᠩ ᠪᠠᠯᠭᠠᠰᠤᠨ ᠤ ᠤᠢ ᠰᠢᠭᠤᠢ  ᠶᠢ ᠬᠠᠮᠠᠭᠠᠯᠠᠬᠤ ᠠᠵᠢᠯᠳᠡᠨ ᠳᠤ ᠣᠶ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠭᠠᠯ ᠤᠨᠲᠠᠷᠠᠭᠠᠬᠤ ᠮᠡᠳᠡᠯᠭᠡ ᠶᠢᠨ ᠪᠣᠯᠪᠠᠰᠤᠷᠠᠭᠤᠯᠤᠯ ᠤᠨ ᠠᠵᠢᠯᠯᠠᠭ᠎ᠠ ᠥᠷᠨᠢᠭᠦᠯᠪᠡ᠃    ᠭᠤᠷᠪᠠ ᠳᠤ᠂ ᠳᠠᠯᠳᠠ ᠭᠡᠮ ᠢ ᠵᠢᠭᠰᠠᠭᠠᠨ ᠪᠠᠶᠢᠴᠠᠭᠠᠬᠤ ᠪᠠᠨ ᠴᠢᠩᠭᠠᠳᠬᠠᠪᠠ᠃ 2025 ᠣᠨ ᠠᠴᠠ ᠨᠠᠰᠢ᠂ ᠱᠠᠩᠳᠤ ᠰᠢᠶᠠᠨ ᠭᠤᠤᠯᠳᠠᠯᠭ᠎ᠠ ᠲᠠᠢ ᠰᠢᠭᠤᠶᠢᠲᠤ ᠣᠷᠣᠨ ᠤ ᠴᠠᠬᠢᠯᠭᠠᠨ ᠬᠦᠷᠭᠡᠬᠦ ᠱᠤᠭᠤᠮ ᠵᠢᠴᠢ ᠬᠦᠴᠦᠳᠡᠯ ᠥᠭᠡᠷᠡᠴᠢᠯᠡᠬᠦ ᠥᠷᠲᠡᠭᠡ ᠶᠢᠨ ᠲᠣᠨᠤᠭ ᠲᠥᠬᠦᠭᠡᠷᠦᠮᠵᠢ ᠳᠤ ᠭᠠᠯ ᠤᠨ ᠭᠠᠮᠰᠢᠭ ᠤᠨ ᠳᠠᠯᠳᠠ ᠬᠡᠮ ᠢ ᠵᠢᠭᠰᠠᠭᠠᠨ ᠪᠠᠶᠢᠴᠠᠭᠠᠵᠤ᠂ ᠨᠡᠶᠢᠲᠡ 1 ᠳᠠᠯᠳᠠ ᠬᠡᠮ ᠢ ᠴᠡᠭᠴᠡᠯᠡᠨ ᠰᠠᠶᠢᠵᠢᠷᠠᠭᠤᠯᠪᠠ︔ ᠭᠠᠯ ᠤᠨᠲᠠᠷᠠᠭᠠᠬᠤ ᠲᠣᠨᠤᠭ ᠲᠥᠬᠦᠭᠡᠷᠦᠮᠵᠢ᠂ ᠲᠡᠷᠭᠡ ᠤᠨᠤᠭ᠎ᠠ᠂ ᠮᠠᠰᠢᠨ ᠪᠠᠭᠠᠵᠢ ᠳᠤ 3 ᠤᠳᠠᠭ᠎ᠠ ᠪᠥᠬᠦ ᠲᠠᠯ᠎ᠠ ᠪᠠᠷ ᠪᠠᠶᠢᠴᠠᠭᠠᠨ ᠵᠠᠰᠠᠵᠤ᠂ ᠬᠠᠮᠠᠭᠠᠯᠠᠵᠤ᠂ ᠠᠷᠠᠴᠢᠯᠠᠨ ᠬᠠᠮᠠᠭᠠᠯᠠᠪᠠ᠃ ᠡᠭᠦᠨ ᠤ ᠬᠠᠮᠲᠤ᠂ ᠭᠤᠤᠯᠳᠠᠯᠭ᠎ᠠ ᠲᠠᠢ ᠠᠮᠢ ᠠᠬᠤᠶ ᠶᠢᠨ ᠣᠷᠣᠨ ᠵᠡᠷᠭᠡ ᠭᠠᠯ ᠤᠨ ᠠᠶᠤᠯ ᠶᠡᠬᠡᠲᠡᠶ ᠣᠷᠣᠨ ᠪᠦᠰᠡ ᠳᠤ ᠭᠠᠯ ᠰᠡᠷᠭᠡᠶᠢᠯᠡᠬᠦ ᠴᠠᠭᠳᠠᠨ ᠬᠠᠮᠠᠭᠠᠯᠠᠬᠤ ᠵᠢᠴᠢ 24 ᠴᠠᠭ ᠢᠶᠠᠷ ᠵᠢᠵᠢᠭᠦᠷᠯᠡᠬᠦ ᠲᠦᠷᠢᠮ ᠢ ᠥᠷᠨᠢᠭᠦᠯᠵᠦ᠂ ᠡᠳᠦᠷ ᠲᠤᠲᠤᠮ ᠤᠨ ᠲᠣᠭᠤᠷᠢᠨ ᠬᠠᠮᠠᠭᠠᠯᠠᠬᠤ ᠨᠢᠭᠲᠠᠴᠠ ᠶᠢ ᠨᠡᠮᠡᠭᠳᠡᠭᠦᠯᠪᠡ᠃              ᠤᠷᠴᠢᠭᠤᠯᠤᠭᠴᠢ᠄ ᠬᠦᠰᠡᠯ              ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2