ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ 2025 ᠣᠨ ᠤ ᠠᠩᠬᠠᠳᠤᠭᠠᠷ ᠤᠳᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/2/26
       2 ᠰᠠᠷ᠎ᠠ ᠶᠢᠨ 24 ᠤ ᠡᠳᠦᠷ᠂ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ 2025 ᠣᠨ ᠤ ᠠᠩᠬᠠᠳᠤᠭᠠᠷ ᠤᠳᠠᠭᠠᠨ ᠤ ᠬᠤᠷᠠᠯ ᠬᠤᠷᠠᠯᠳᠤᠵᠤ᠂ ᠬᠥᠳᠡᠭᠡ ᠲᠣᠰᠬᠤᠨ ᠤ ᠬᠥᠭᠵᠢᠯᠲᠡ ᠶᠢᠨ ᠵᠠᠩᠭᠢᠯᠠᠭ᠎ᠠ ᠶᠢᠨ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠦᠨ᠂ ᠠᠵᠢᠯ ᠤᠨ ᠴᠢᠭᠯᠡᠯ ᠢᠶᠠᠨ ᠤᠯᠠᠮ ᠨᠢᠭᠡ ᠠᠯᠬᠤᠮ ᠲᠣᠳᠣᠷᠬᠠᠶᠢᠯᠠᠵᠤ᠂ ᠡᠯ᠎ᠡ ᠲᠠᠯ᠎ᠠ ᠶᠢᠨ ᠬᠦᠴᠦᠨ ᠢ ᠨᠢᠭᠲᠠᠷᠠᠭᠤᠯᠤᠨ᠂ ᠬᠥᠳᠡᠭᠡ ᠲᠣᠰᠬᠤᠨ ᠤ ᠡᠯ᠎ᠡ ᠵᠦᠢᠯ ᠤᠨ ᠠᠵᠢᠯ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠪᠠ᠃    ᠬᠤᠷᠠᠯ ᠠᠴᠠ᠂ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠪᠠᠶᠢᠩᠭᠤᠵᠢᠭᠰᠠᠨ ᠲᠤᠬᠢᠷᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠠᠩᠬᠠᠨ ᠤ ᠮᠡᠳᠡᠭᠡ ᠵᠠᠩᠭᠢ ᠶᠢ ᠡᠵᠡᠮᠰᠢᠬᠦ ᠶᠢ ᠦᠨᠡᠨ ᠬᠦ ᠪᠠᠲᠤᠯᠠᠵᠤ᠂ ᠠᠰᠠᠭᠤᠳᠠᠯ ᠢ ᠴᠠᠭ ᠲᠤᠬᠠᠢ ᠳᠤᠨᠢ ᠵᠣᠬᠢᠴᠠᠭᠤᠯᠤᠨ ᠰᠢᠢᠳᠪᠦᠷᠢᠯᠡᠵᠦ᠂ ᠬᠥᠳᠡᠭᠡ ᠲᠣᠰᠬᠤᠨ ᠤ ᠠᠵᠢᠯ ᠤᠨ ᠤᠷᠤᠭᠰᠢᠲᠠᠢ ᠶᠠᠪᠤᠭᠳᠠᠬᠤ ᠳᠤ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ᠃ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠶᠢ ᠲᠦᠷᠭᠡᠳᠬᠡᠵᠦ᠂ ᠬᠤᠯᠪᠣᠭᠳᠠᠯ ᠪᠦᠬᠦᠢ ᠲᠣᠭᠲᠠᠭᠠᠯ ᠤᠨ ᠲᠡᠰ ᠳᠠᠷᠠᠭᠠᠯᠠᠯ ᠢ ᠲᠡᠭᠦᠯᠳᠡᠷᠵᠢᠭᠦᠯᠵᠦ᠂ ᠲᠦᠷᠦᠯ ᠵᠦᠢᠯ ᠢ ᠠᠬᠢᠭᠤᠯᠬᠤ᠂ ᠵᠣᠬᠢᠴᠠᠭᠤᠯᠤᠨ ᠦᠢᠯᠡᠴᠢᠯᠡᠬᠦ ᠡᠷᠴᠢᠮ ᠢᠶᠠᠨ ᠴᠢᠩᠭᠠᠷᠠᠭᠤᠯᠵᠤ᠂ ᠬᠢᠨᠠᠨ ᠵᠥᠪᠰᠢᠶᠡᠷᠡᠬᠦ ᠦᠷ᠎ᠡ ᠪᠦᠲᠦᠮᠵᠢ ᠪᠣᠯᠤᠨ ᠪᠡᠯᠡ ᠣᠷᠣᠭᠤᠯᠤᠯᠲᠠ ᠶᠢᠨ ᠪᠦᠲᠦᠮᠵᠢᠲᠦ ᠴᠢᠨᠠᠷ ᠢ ᠳᠡᠭᠡᠭᠰᠢᠯᠡᠭᠦᠯᠵᠦ᠂ ᠲᠦᠷᠦᠯ ᠵᠦᠢᠯ ᠤᠨ ᠬᠠᠤᠯᠢ ᠲᠣᠭᠲᠠᠭᠠᠯ ᠳᠤ ᠨᠡᠶᠢᠴᠡᠭᠦᠯᠦᠨ ᠠᠬᠢᠭᠤᠯᠬᠤ ᠶᠢ ᠪᠠᠲᠤᠯᠠᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠨᠡᠩ ᠤᠯᠠᠨ ︽ᠪᠠᠷᠢᠯᠭ᠎ᠠ ᠶᠢᠨ ᠵᠢᠷᠤᠭ︾ ᠢ ︽ᠪᠣᠳᠠᠲᠤ ᠦᠵᠡᠮᠵᠢ ᠶᠢᠨ ᠵᠢᠷᠤᠭ︾ ᠪᠣᠯᠭᠠᠬᠤ ᠬᠡᠷᠡᠭᠲᠡᠢ᠃ ᠡᠯ᠎ᠡ ᠲᠣᠰᠬᠤᠨ ᠤ ᠡᠬᠢ ᠪᠠᠶᠠᠯᠢᠭ ᠤᠨ ᠳᠠᠪᠠᠭᠤᠯᠢᠭ᠂ ᠠᠵᠤ ᠦᠢᠯᠡᠰ ᠤᠨ ᠰᠠᠭᠤᠷᠢ ᠪᠣᠯᠤᠨ ᠬᠥᠭᠵᠢᠯᠲᠡ ᠶᠢᠨ ᠪᠣᠭᠤᠮᠢ ᠶᠢ ᠪᠦᠬᠦ ᠲᠠᠯ᠎ᠠ ᠪᠠᠷ ᠡᠵᠡᠮᠰᠢᠵᠦ᠂ ᠵᠠᠬ᠎ᠠ ᠳᠡᠯᠭᠡᠭᠦᠷ ᠤᠨ ᠬᠡᠷᠡᠭᠴᠡᠭᠡ ᠲᠠᠢ ᠤᠶᠠᠯᠳᠤᠭᠤᠯᠵᠤ᠂ ᠦᠨᠡᠨᠬᠦ ᠬᠡᠷᠡᠭᠵᠢᠭᠦᠯᠵᠦ ᠪᠣᠯᠬᠤᠶᠢᠴᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠲᠥᠯᠥᠪᠯᠡᠭᠡ ᠭᠠᠷᠭᠠᠵᠤ᠂ ᠨᠠᠶᠢᠳᠠᠪᠤᠷᠢᠵᠢᠭᠤᠯᠤᠯᠲᠠ ᠶᠢ ᠢᠳᠡᠪᠬᠢᠲᠡᠢ ᠠᠬᠢᠭᠤᠯᠵᠤ᠂ ᠲᠠᠷᠢᠶᠠᠴᠢᠳ ᠤᠨ ᠵᠤᠭᠤᠰ ᠢ ᠠᠷᠪᠢᠳᠠᠭᠤᠯᠵᠤ᠂ ᠠᠮᠢᠳᠤᠷᠠᠯ ᠢ ᠨᠢ ᠪᠠᠶᠠᠵᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠪᠠᠶᠢᠳᠠᠯ ᠢ ᠪᠦᠬᠦ ᠲᠠᠯ᠎ᠠ ᠪᠠᠷ ᠨᠡᠭᠡᠭᠡᠬᠦ ᠬᠡᠷᠡᠭᠲᠡᠢ᠃ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠪᠣᠳᠠᠲᠠᠶᠢᠵᠢᠭᠤᠯᠵᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ᠂ ᠰᠦᠯᠢᠶᠣᠣ ᠪᠦᠷᠬᠦᠪᠴᠢ ᠶᠢ ᠡᠭᠡᠭᠦᠯᠦᠨ ᠬᠤᠷᠢᠶᠠᠬᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ ᠵᠡᠷᠭᠡ ᠭᠤᠣᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠢ ᠪᠦᠲᠦᠮᠵᠢᠲᠡᠢ ᠰᠠᠶᠢᠲᠤᠷ ᠠᠳᠬᠤᠵᠤ᠂ ᠲᠠᠷᠢᠶᠠᠴᠢᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠦᠴᠦᠲᠡᠢ ᠪᠦᠲᠦᠮᠵᠢᠲᠡᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃                        ᠤᠷᠴᠢᠭᠤᠯᠤᠭᠴᠢ᠄ ᠬᠦᠰᠡᠯ                        ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2