2 ᠰᠠᠷ᠎ᠠ ᠶᠢᠨ 25 ᠤ ᠡᠳᠦᠷ᠂ ᠪᠥᠬᠦ ᠬᠤᠲᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠨᠠᠷ ᠤᠨ | ᠬᠤᠷᠠᠯ ᠬᠤᠷᠠᠯᠳᠤᠵᠤ᠂ ᠪᠥᠬᠦ ᠤᠯᠤᠰ᠂ ᠪᠥᠬᠦ ᠣᠷᠣᠨ ᠤ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠨᠠᠷ ᠤᠨ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ 2024 ᠣᠨ ᠤ | ᠠᠵᠢᠯ ᠢᠶᠠᠨ ᠳ᠋ᠦᠩᠨᠡᠵᠦ᠂ 2025 ᠣᠨ ᠤ ᠭᠤᠤᠯᠳᠠᠯᠭ᠎ᠠ ᠲᠠᠢ ᠡᠭᠦᠷᠭᠡ ᠪᠠᠨ ᠪᠠᠶᠢᠷᠢᠯᠠᠭᠤᠯᠪᠠ᠃ | ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ | ᠯᠢ ᠶᠦᠩ ᠬᠤᠷᠠᠯ ᠳᠤ ᠣᠷᠣᠯᠴᠠᠪᠠ᠃ | ᠬᠤᠷᠠᠯ ᠠᠴᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠶᠡᠷᠦᠩᠬᠡᠢ ᠱᠦᠵᠢ | ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠦᠵᠡᠯ ᠰᠠᠨᠠᠭ᠎ᠠ᠂ ᠨᠠᠮ ᠤᠨ ᠥᠪᠡᠷ ᠤᠨ | ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠨᠠᠮ ᠤᠨ | ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠨᠢᠭᠡ ᠭᠤᠣᠯ ᠰᠢᠵᠢᠮ ᠢ ᠲᠤᠭᠤᠰᠢᠯᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ | ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠢᠨ᠎ᠡ ᠵᠠᠮ ᠢᠶᠠᠷ ᠠᠶᠠᠯᠠᠬᠤ ᠶᠢ ᠪᠠᠷᠢᠮᠲᠠᠯᠠᠵᠤ᠂ | ᠥᠭᠡᠷᠡᠴᠢᠯᠡᠯᠲᠡ ᠶᠢᠨ ᠵᠣᠷᠢᠭ ᠰᠠᠨᠠᠭ᠎ᠠ ᠪᠣᠯᠤᠨ ᠴᠢᠩᠭ᠎ᠠ ᠪᠠᠷᠢᠮᠵᠢᠶ᠎ᠠ ᠪᠠᠷ ᠨᠠᠮ ᠢ ᠬᠠᠮᠢᠶᠠᠷᠴᠤ ᠨᠠᠮ ᠢ ᠵᠠᠰᠠᠬᠤ ᠶᠢ | ᠵᠣᠬᠢᠶᠠᠨ ᠪᠠᠶᠢᠭᠤᠯᠬᠤ ᠠᠵᠢᠯ ᠤᠨ ᠪᠦᠬᠦ ᠶᠠᠪᠤᠴᠠ ᠶᠢᠨ ᠡᠯ᠎ᠡ ᠲᠠᠯ᠎ᠠ ᠳᠤ ᠨᠠᠶᠢᠳᠠᠪᠤᠷᠢᠵᠢᠭᠤᠯᠵᠤ᠂ ᠨᠠᠮ ᠤᠨ | ᠪᠠᠶᠢᠭᠤᠯᠤᠯᠲᠠ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠨᠤᠯ ᠢᠶᠠᠷ ᠵᠡᠪᠰᠡᠭᠯᠡᠬᠦ᠂ ᠡᠷᠳᠡᠮᠲᠡᠨ | ᠴᠢᠳᠠᠪᠤᠷᠢᠲᠠᠨ ᠢ ᠰᠣᠩᠭᠤᠬᠤ᠂ ᠰᠠᠭᠤᠷᠢ ᠶᠢ ᠪᠠᠲᠤᠳᠬᠠᠬᠤ᠂ ᠴᠢᠳᠠᠪᠤᠷᠢᠲᠠᠨ ᠢ ᠬᠥᠮᠦᠵᠢᠭᠦᠯᠵᠦ ᠴᠢᠳᠠᠪᠤᠷᠢᠲᠠᠨ ᠢ | ᠴᠤᠭᠯᠠᠭᠤᠯᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠵᠢᠱᠢᠶᠡᠴᠢ ᠰᠠᠯᠠᠭ᠎ᠠ ᠮᠥᠴᠢᠷ | ᠪᠣᠯᠤᠨ ᠰᠢᠯᠭᠠᠷᠠᠭᠰᠠᠨ ᠡᠩᠨᠡᠭᠡ ᠶᠢ ᠪᠠᠶᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ | ᠤᠯᠠᠭᠠᠨᠴᠠᠪ ᠤᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ | ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠣᠷᠴᠢᠭᠤᠯᠤᠭᠴᠢ᠄ ᠭᠤᠸ᠎ᠠ | ᠬᠢᠨᠠᠭᠴᠢ᠄ ᠠᠷᠢᠭᠤᠨ |