ᠤᠶᠢᠷ᠎ᠡ ᠶᠢᠨ ᠡᠳᠦᠷ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠨᠠᠮ ᠤᠨ ᠬᠤᠷᠢᠶᠠᠨ ᠤ ᠳᠡᠳ᠋ | ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠾᠧᠦ ᠵᠢᠶᠦ᠋ᠨ ᠢᠦᠶ ᠴᠠᠬᠠᠷ ᠪᠠᠷᠠᠭᠤᠨ | ᠭᠠᠷᠤᠨ ᠬᠤᠶᠢᠲᠤ ᠬᠤᠰᠢᠭᠤᠨ ᠤ ᠪᠥᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠠᠬᠢ ᠪᠥᠬᠦ ᠬᠤᠰᠢᠭᠤᠨ ᠤ | ᠵᠠᠬᠢᠳᠠᠯ ᠰᠤᠷᠪᠤᠯᠵᠢᠯᠠᠭ᠎ᠠ ᠶᠢᠨ ᠭᠤᠤᠯᠳᠠᠯᠭ᠎ᠠ ᠲᠠᠢ ᠵᠦᠢᠯᠡᠰ᠂ ᠭᠤᠤᠯᠳᠠᠯᠭ᠎ᠠ ᠲᠠᠢ ᠬᠡᠷᠡᠭ᠂ ᠭᠤᠤᠯᠳᠠᠯᠭ᠎ᠠ ᠲᠠᠢ | ᠬᠥᠮᠦᠰ ᠢ ᠵᠠᠳᠠᠯᠤᠨ ᠰᠤᠳᠤᠯᠵᠤ ᠮᠠᠭᠠᠳᠯᠠᠬᠤ ᠲᠣᠭᠲᠠᠭᠤᠨ ᠢᠶᠠᠷ ᠡᠵᠡᠮᠳᠡᠬᠦ ᠪᠠᠶᠢᠷᠢᠯᠠᠭᠤᠯᠤᠯᠲᠠ ᠶᠢᠨ ᠬᠤᠷᠠᠯ ᠢ | ᠡᠷᠭᠢᠯᠡᠨ ᠬᠤᠷᠠᠯᠳᠤᠭᠤᠯᠪᠠ᠃ | ᠬᠤᠷᠠᠯ ᠠᠴᠠ ᠣᠶᠢᠷ᠎ᠠ ᠶᠢᠨ ᠬᠤᠭᠤᠴᠠᠭᠠᠨ ᠤ ᠭᠤᠤᠯᠳᠠᠯᠭ᠎ᠠ ᠲᠠᠢ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠤᠨ | ᠪᠠᠶᠢᠳᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠠᠢᠮᠠᠳᠤᠭᠠᠷ ᠲᠣᠭᠤᠷᠢᠨ ᠪᠠᠶᠢᠴᠠᠭᠠᠬᠤ | ᠳᠤᠭᠤᠶᠢᠯᠠᠩ ᠤᠨ ᠰᠢᠯᠵᠢᠭᠦᠯᠦᠨ ᠲᠤᠰᠢᠶᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠭᠰᠡᠨ ᠪᠠᠶᠢᠳᠠᠯ᠂ | ᠰᠤᠷᠪᠤᠯᠵᠢᠯᠠᠭ᠎ᠠ ᠳᠤ ᠬᠤᠯᠪᠣᠭᠳᠠᠭᠰᠠᠨ ᠭᠤᠤᠯᠳᠠᠯᠭ᠎ᠠ ᠲᠠᠢ ᠬᠥᠮᠦᠰ ᠤᠨ ᠲᠣᠭᠲᠠᠭᠤᠨ ᠢ ᠡᠵᠡᠮᠳᠡᠵᠦ ᠪᠠᠶᠢᠭ᠎ᠠ | ᠪᠠᠶᠢᠳᠠᠯ᠂ ᠵᠥᠷᠢᠴᠡᠯ ᠵᠢᠭᠤᠷᠠᠯᠳᠤᠭᠠᠨ ᠢ ᠲᠤᠰᠬᠠᠶᠢᠯᠠᠨ ᠵᠠᠰᠠᠵᠤ ᠰᠢᠢᠳᠪᠦᠷᠢᠯᠡᠭᠰᠡᠨ ᠪᠠᠶᠢᠳᠠᠯ ᠵᠢᠴᠢ | ᠭᠤᠤᠯᠳᠠᠯᠭ᠎ᠠ ᠲᠠᠢ ᠬᠥᠮᠦᠰ ᠢ ᠬᠠᠮᠢᠶᠠᠷᠤᠨ ᠡᠵᠡᠮᠳᠡᠵᠦ ᠪᠠᠶᠢᠭ᠎ᠠ ᠪᠠᠶᠢᠳᠠᠯ ᠢ ᠵᠠᠷᠯᠠᠨ ᠮᠡᠳᠡᠭᠳᠡᠪᠡ᠃ ᠬᠤᠷᠠᠯ ᠠᠴᠠ | ᠪᠠᠰᠠ ᠭᠤᠣᠯᠳᠠᠯᠭ᠎ᠠ ᠲᠠᠢ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠵᠢᠴᠢ ᠬᠤᠯᠪᠣᠭᠳᠠᠯ ᠪᠦᠬᠦᠢ ᠭᠤᠣᠯᠳᠠᠯᠭ᠎ᠠ ᠲᠠᠢ | ᠵᠦᠢᠯᠡᠰ ᠢ ᠲᠤᠬᠢᠷᠠᠭᠤᠯᠤᠨ ᠪᠠᠶᠢᠷᠢᠯᠠᠭᠤᠯᠵᠠᠢ᠃ | ᠬᠤᠷᠠᠯ ᠠᠴᠠ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠡᠯ᠎ᠡ ᠭᠠᠵᠠᠷ ᠡᠯ᠎ᠡ ᠰᠠᠯᠠᠭ᠎ᠠ | ᠮᠥᠴᠢᠷ ᠤᠨ ᠬᠢᠨ ᠪᠠᠶᠢᠳᠠᠯ ᠢ ᠲᠣᠳᠣᠷᠬᠠᠢ ᠲᠠᠨᠢᠵᠤ᠂ ᠲᠠᠨᠢᠯᠲᠠ ᠪᠠᠨ ᠳᠡᠭᠡᠭᠰᠢᠯᠡᠭᠦᠯᠵᠦ᠂ ᠪᠦᠬᠦ ᠤᠯᠤᠰ ᠤᠨ ᠬᠤᠶᠠᠷ | ᠬᠤᠷᠠᠯ ᠤᠨ ᠬᠤᠭᠤᠴᠠᠭᠠᠨ ᠳᠠᠬᠢ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠠᠵᠢᠯ ᠢ ᠰᠠᠶᠢᠲᠤᠷ | ᠬᠢᠬᠦ ᠬᠠᠷᠢᠭᠤᠴᠠᠯᠭᠠᠲᠤ ᠰᠡᠳᠬᠢᠯᠭᠡ᠂ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠬᠤ ᠬᠡᠷᠡᠭᠲᠡᠢ᠃ ᠬᠤᠶᠠᠷ | ᠬᠤᠷᠠᠯ ᠤᠨ ᠬᠤᠭᠤᠴᠠᠭᠠᠨ ᠳᠠᠬᠢ ᠵᠠᠬᠢᠳᠠᠯ ᠰᠣᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠠᠵᠢᠯ ᠢ ᠣᠳᠣᠬᠠᠨ ᠤ | ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠨ ᠠᠳᠬᠤᠵᠤ᠂ ᠡᠬᠡ ᠲᠠᠩᠰᠠ ᠲᠠᠢ ᠬᠠᠷᠢᠴᠠᠭᠤᠯᠤᠨ ᠤᠨᠢᠨ | ᠳᠡᠭᠡᠷ᠎ᠡ ᠨᠢ ᠠᠷᠭ᠎ᠠ ᠪᠣᠳᠣᠯᠭ᠎ᠠ ᠬᠡᠷᠡᠭᠵᠢᠭᠦᠯᠵᠦ᠂ ᠨᠠᠷᠢᠨ ᠬᠢᠨᠠᠮᠠᠭᠠᠢ ᠵᠢᠭᠰᠠᠭᠠᠨ ᠪᠠᠶᠢᠴᠠᠭᠠᠵᠤ᠂ ᠠᠶᠤᠯ | ᠲᠦᠭᠰᠢᠭᠦᠷᠢ ᠶᠢᠨ ᠭᠡᠮ ᠰᠣᠭᠤᠭ ᠢ ᠦᠨᠡᠨᠬᠦ ᠠᠷᠢᠯᠭᠠᠵᠤ᠂ ᠡᠯ᠎ᠡ ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢ | ᠪᠣᠳᠠᠲᠠᠢ ᠨᠠᠷᠢᠯᠢᠭ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠵᠤ ᠱᠠᠭᠠᠷᠳᠠᠪᠠ᠃ ᠬᠤᠷᠠᠯ ᠠᠴᠠ᠂ | ᠤᠳᠤᠷᠢᠳᠤᠯᠭ᠎ᠠ ᠪᠠᠨ ᠴᠢᠩᠭᠠᠳᠬᠠᠵᠤ᠂ ᠨᠢᠭᠲᠠ ᠬᠠᠮᠵᠢᠯᠴᠠᠵᠤ᠂ ᠭᠤᠣᠯᠳᠠᠯᠭ᠎ᠠ ᠲᠠᠢ ᠬᠡᠷᠡᠭ ᠢ ᠰᠢᠢᠳᠪᠦᠷᠢᠯᠡᠬᠦ᠂ | ᠭᠤᠣᠯᠳᠠᠯᠭ᠎ᠠ ᠲᠠᠢ ᠬᠥᠮᠦᠰ ᠢ ᠬᠠᠮᠢᠶᠠᠷᠤᠨ ᠡᠵᠡᠮᠳᠡᠬᠦ ᠶᠢ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠪᠣᠯᠤᠨ | ᠪᠣᠳᠠᠲᠠᠢ ᠠᠵᠢᠯᠲᠠᠨ ᠳᠤ ᠨᠠᠶᠢᠳᠠᠪᠤᠷᠢᠵᠢᠭᠤᠯᠵᠤ᠂ ᠲᠣᠭᠲᠠᠭᠤᠨ ᠢᠶᠠᠷ ᠡᠵᠡᠮᠳᠡᠬᠦ ᠡᠷᠴᠢᠮ ᠢᠶᠠᠨ ᠴᠢᠩᠭᠠᠷᠠᠭᠤᠯᠵᠤ᠂ | ᠠᠰᠠᠭᠤᠳᠠᠯ ᠢ ᠰᠢᠢᠳᠪᠦᠷᠢᠯᠡᠬᠦ ᠶᠢ ᠴᠢᠩᠭᠠᠳᠬᠠᠵᠤ᠂ ᠡᠶ᠎ᠡ ᠵᠣᠬᠢᠴᠠᠩᠭᠤᠢ ᠲᠣᠭᠲᠠᠭᠤᠨ ᠨᠡᠶᠢᠭᠡᠮ ᠤᠨ ᠣᠷᠴᠢᠨ | ᠲᠣᠭᠤᠷᠢᠨ ᠢ ᠴᠢᠷᠮᠠᠶᠢᠨ ᠪᠤᠢ ᠪᠣᠯᠭᠠᠵᠤ᠂ ᠪᠦᠬᠦ ᠤᠯᠤᠰ ᠤᠨ ︽ᠬᠤᠶᠠᠷ ᠬᠤᠷᠠᠯ︾ ᠤᠨ ᠠᠮᠵᠢᠯᠲᠠ ᠲᠠᠢ | ᠬᠤᠷᠠᠯᠳᠤᠬᠤ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠵᠣᠬᠢᠶᠠᠭᠴᠢ᠄ ᠴᠢ ᠷᠦᠢ ᠶᠢᠨ ᠸᠠᠩ ᠱᠤ᠋ ᠸᠧᠨ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ |