2 ᠰᠠᠷ᠎ᠠ ᠶᠢᠨ 26 ᠤ ᠡᠳᠦᠷ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠱᠢ ᠯᠢᠶᠠᠩ | ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ | ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2025 ᠣᠨ ᠤ ᠬᠤᠶᠠᠳᠤᠭᠠᠷ | ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ | ᠫᠢᠩ ᠤᠨ ᠤᠢᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠬᠤᠯᠪᠣᠭᠳᠠᠯ ᠪᠦᠬᠦᠢ | ᠬᠤᠷᠠᠯ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠠᠮᠢᠶ᠎ᠠ ᠪᠦᠬᠦᠢ ᠠᠵᠢᠯ ᠢ | ᠲᠤᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ᠂ ᠤᠨᠤᠯ ᠢᠶᠠᠷ ᠵᠡᠪᠰᠡᠭᠯᠡᠬᠦ ᠶᠢ ᠴᠢᠩᠭᠠᠳᠬᠠᠵᠤ᠂ ᠨᠠᠮ ᠤᠨ ᠰᠢᠨ᠎ᠡ ᠶᠢ ᠡᠭᠦᠳᠬᠦ ᠤᠨᠤᠯ ᠢᠶᠠᠷ | ᠰᠡᠳᠬᠢᠯ ᠨᠢᠭᠡᠳᠦᠨ ᠰᠦᠭ ᠰᠦᠨᠡᠰᠦ ᠶᠢ ᠱᠤᠭᠤᠬᠤ᠂ ᠠᠵᠢᠯ ᠢᠶᠠᠨ ᠠᠬᠢᠭᠤᠯᠬᠤ ᠶᠢ ᠪᠠᠷᠢᠮᠲᠠᠯᠠᠵᠤ᠂ ᠲᠤᠰ ᠪᠡᠶ᠎ᠡ ᠶᠢᠨ | ᠪᠠᠶᠢᠭᠤᠯᠤᠯᠲᠠ ᠪᠠᠨ ᠪᠦᠬᠦ ᠲᠠᠯ᠎ᠠ ᠪᠠᠷ ᠴᠢᠩᠭᠠᠳᠬᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠠᠵᠢᠯ ᠤᠨ ᠤᠯᠤᠰ ᠲᠦᠷᠦ ᠶᠢᠨ ᠵᠣᠭᠰᠣᠴᠠ ᠪᠣᠯᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠪᠠᠨ | ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ᠃ ᠢᠳᠡᠪᠬᠢᠲᠡᠶ ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ | ᠭᠠᠷᠭᠠᠵᠤ᠂ ᠬᠤᠲᠠ ᠶᠢᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠡᠭᠦᠷᠭᠡ ᠴᠢᠳᠠᠪᠬᠢ ᠳᠤ ᠰᠠᠭᠤᠷᠢᠯᠠᠨ᠂ ᠪᠥᠬᠦ ᠬᠤᠲᠠ ᠶᠢᠨ ᠭᠤᠤᠯ | ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠤᠯᠢ ᠲᠣᠭᠲᠠᠭᠠᠬᠤ᠂ ᠬᠢᠨᠠᠯᠲᠠ ᠲᠠᠯᠪᠢᠬᠤ᠂ ᠲᠥᠯᠥᠭᠡᠯᠡᠭᠴᠢ ᠵᠡᠷᠭᠡ | ᠠᠵᠢᠯ ᠢ ᠬᠠᠤᠯᠢ ᠶᠣᠰᠣᠭᠠᠷ ᠰᠠᠶᠢᠲᠤᠷ ᠬᠢᠵᠦ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤᠮᠳᠠ ᠬᠦᠴᠦᠨ | ᠴᠢᠳᠠᠯ ᠢᠶᠠᠨ ᠡᠷᠭᠦᠬᠦ ᠬᠡᠷᠡᠭᠲᠡᠶ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ | ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠠᠳᠬᠤᠵᠤ᠂ ᠴᠢᠩᠭ᠎ᠠ ᠬᠦᠭ ᠠᠶᠠᠰ᠂ ᠴᠢᠩᠭ᠎ᠠ ᠠᠭᠤᠷ ᠠᠮᠢᠰᠬᠤᠯ ᠢ | ᠪᠠᠷᠢᠮᠲᠠᠯᠠᠵᠤ᠂ ᠪᠠᠶᠢᠭᠤᠯᠭ᠎ᠠ ᠶᠢᠨ ᠺᠠᠳ᠋ᠷᠴᠤᠳ ᠤᠨ ᠦᠵᠡᠯ ᠰᠠᠨᠠᠭ᠎ᠠ ᠰᠤᠷᠲᠠᠯ ᠤᠨ ᠬᠥᠮᠦᠵᠢᠯ ᠢ ᠬᠦᠴᠦᠯᠡᠨ | ᠴᠢᠩᠭᠠᠳᠬᠠᠵᠤ᠂ ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ ᠠᠭᠤᠷ ᠠᠮᠢᠰᠬᠤᠯ ᠢ ᠪᠦᠬᠦ | ᠬᠦᠴᠦᠨ ᠢᠶᠠᠷ ᠢᠶᠠᠨ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠣᠷᠴᠢᠭᠤᠯᠤᠭᠴᠢ᠄ ᠭᠤᠸ᠎ᠠ | ᠬᠢᠨᠠᠭᠴᠢ᠄ ᠠᠷᠢᠭᠤᠨ |