ᠱᠠᠩᠳᠤ ᠰᠢᠶᠠᠨ ᠤ ᠠᠵᠢᠯ ᠣᠯᠭᠤᠯᠲᠠ᠄ ︽ᠡᠭᠦᠷ ᠪᠠᠷᠢᠵᠤ ᠭᠠᠷᠤᠳᠢ ᠶᠢ ᠲᠠᠲᠠᠬᠤ︾ ᠴᠢᠳᠠᠪᠤᠷᠢᠲᠠᠨ ᠤ ︽ᠵᠡᠭᠦᠳᠦ ᠶᠢᠨ ᠦᠢᠯᠡᠳᠪᠦᠷᠢ︾ ᠶᠢ ᠪᠠᠶᠢᠭᠤᠯᠪᠠ
ᠨᠡᠶᠢᠲᠡᠯᠡᠭᠰᠡᠨ ᠴᠠᠭ᠄
2025/2/28
         ᠱᠠᠩᠳᠤ ᠶᠢᠨ ᠴᠠᠩ ᠱᠧᠩ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠶᠡᠷᠦᠩᠬᠡᠶ ᠲᠥᠯᠥᠪᠵᠢᠭᠦᠯᠭᠡ ᠶᠢᠨ ᠪᠥᠲᠥᠭᠡᠨ ᠪᠠᠶᠢᠭᠤᠯᠤᠯᠲᠠ ᠶᠢᠨ ᠲᠠᠯᠠᠪᠠᠶ ᠨᠢ 16.72 ᠲᠡᠭᠰᠢ ᠳᠥᠷᠪᠡᠯᠵᠢᠨ ᠺᠢᠯᠤᠮᠧᠲᠷ ᠪᠠᠶᠢᠵᠤ᠂ ᠣᠳᠣᠬᠠᠨ ᠳᠤ ᠨᠡᠶᠢᠲᠡ 109 ᠠᠵᠤ ᠠᠬᠤᠶᠢᠯᠠᠯ ︵ᠣᠷᠳᠣ ᠬᠤᠭᠤᠴᠠᠭ᠎ᠠ ᠪᠠᠷ ᠦᠢᠯᠡᠳᠪᠦᠷᠢᠯᠡᠯ ᠢᠶᠠᠨ ᠵᠣᠭᠰᠣᠭᠰᠠᠨ 11 ᠠᠵᠤ ᠠᠬᠤᠶᠢᠯᠠᠯ ᠪᠠᠭᠲᠠᠨ᠎ᠠ︶᠂ ᠡᠭᠦᠨ ᠳᠤ ᠬᠦᠷᠢᠶᠡᠯᠡᠩ ᠲᠣᠭᠤᠷᠢᠭ ᠤᠨ ᠳᠣᠲᠣᠷᠠᠬᠢ ᠠᠵᠤ ᠠᠬᠤᠶᠢᠯᠠᠯ 84᠂ ᠰᠠᠯᠬᠢᠨ ᠬᠦᠴᠦᠨ ᠤ ᠴᠠᠬᠢᠯᠭᠠᠨ᠂ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠠᠵᠤ ᠠᠬᠤᠶᠢᠯᠠᠯ 14᠂ ᠣᠷᠳᠣ ᠬᠤᠭᠤᠴᠠᠭ᠎ᠠ ᠪᠠᠷ ᠦᠢᠯᠡᠳᠪᠦᠷᠢᠯᠡᠯ ᠢᠶᠠᠨ ᠵᠣᠭᠰᠣᠭᠰᠠᠨ ᠠᠵᠤ ᠠᠬᠤᠶᠢᠯᠠᠯ 11᠃ 2024 ᠣᠨ ᠳᠤ ᠬᠦᠷᠢᠶᠡᠯᠡᠩ ᠲᠣᠭᠤᠷᠢᠭ ᠤᠨ ᠶᠡᠷᠦᠩᠬᠡᠶ ᠦᠢᠯᠡᠳᠬᠦᠨ ᠤ ᠥᠷᠲᠡᠭ 86 ᠳ᠋ᠦᠩᠰᠢᠭᠤᠷ ᠲᠥᠭᠦᠷᠢᠭ ᠲᠤ ᠬᠦᠷᠴᠦ᠂ ᠨᠡᠶᠢᠲᠡ 4755 ᠬᠥᠮᠦᠨ ᠳᠤ ᠠᠵᠢᠯ ᠣᠯᠭᠤᠪᠠ᠃    ᠬᠦᠷᠢᠶᠡᠯᠡᠩ ᠲᠣᠭᠤᠷᠢᠭ ᠤᠨ ᠭᠤᠣᠯᠯᠠᠬᠤ ᠠᠵᠤ ᠦᠢᠯᠡᠰ ᠨᠡᠶᠢᠲᠡ ᠭᠤᠷᠪᠠᠨ ᠲᠥᠷᠥᠯ ᠪᠠᠶᠢᠵᠤ᠂ ᠡᠭᠦᠨ ᠳᠤ ᠲᠣᠨᠤᠭ ᠲᠥᠬᠦᠭᠡᠷᠦᠮᠵᠢ ᠦᠢᠯᠡᠳᠬᠦ ᠦᠢᠯᠡᠰ ᠨᠢ ᠭᠤᠣᠯᠳᠠᠭᠤ ᠲᠢᠶᠠᠨ ᠱᠦᠨ ᠰᠠᠯᠬᠢᠨ ᠬᠦᠴᠦᠨ ᠤ ᠴᠠᠬᠢᠯᠭᠠᠨ ᠡᠨᠧᠷᠭᠢ ᠶᠢᠨ ᠬᠦᠨᠳᠦ ᠠᠵᠤ ᠦᠢᠯᠡᠳᠪᠦᠷᠢ ᠵᠡᠷᠭᠡ 14 ᠠᠵᠤ ᠠᠬᠤᠶᠢᠯᠠᠯ ᠪᠣᠯᠣᠨ᠎ᠠ᠃ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢ ᠪᠤᠯᠪᠠᠰᠤᠷᠠᠭᠤᠯᠬᠤ ᠳᠤ ᠱᠠᠩᠬᠠᠢ ᠶᠢᠨ ᠹᠦ᠋ ᠵᠢᠩ ᠲᠠᠩ ᠲᠦᠮᠦᠰᠦ᠂ ᠯᠠᠨ ᠸᠧᠢ ᠰᠧ ᠳ᠋ᠦᠨ ᠹᠠ ᠱᠢ ᠲᠦᠮᠦᠰᠦ᠂ ᠪᠠᠢ ᠬᠤᠢ ᠱᠧᠩ ᠰᠢᠬᠢᠷ ᠤᠨ ᠦᠢᠯᠡᠰ ᠵᠡᠷᠭᠡ 31 ᠠᠵᠤ ᠠᠬᠤᠶᠢᠯᠠᠯ ᠪᠤᠢ᠂ ᠰᠢᠨ᠎ᠡ ᠮᠠᠲ᠋ᠧᠷᠢᠶᠠᠯ ᠪᠣᠯᠪᠠᠰᠤᠷᠠᠭᠤᠯᠬᠤ ᠳᠤ ᠪᠡᠭᠡᠵᠢᠩ ᠤᠨ ᠰᠢᠤᠢ ᠶᠠᠩ᠂ ᠵᠦᠩ ᠵᠢᠶᠠᠨ ᠼᠠᠢ ᠾᠧᠩ ᠺᠧ᠂ ᠥᠪᠥᠷ ᠮᠣᠩᠭᠤᠯ ᠤᠨ ᠺᠠᠢ ᠶᠢᠨ ᠵᠡᠷᠭᠡ 21 ᠠᠵᠤ ᠠᠬᠤᠶᠢᠯᠠᠯ ᠪᠠᠶᠢᠨ᠎ᠠ︔ ᠬᠠᠶᠢᠯᠤᠰᠢ ᠵᠢᠴᠢ ᠪᠠᠷᠢᠯᠭ᠎ᠠ ᠶᠢᠨ ᠮᠠᠲ᠋ᠧᠷᠢᠶᠠᠯ ᠤᠨ ᠲᠦᠷᠦᠯ ᠵᠡᠷᠭᠡ ᠪᠤᠰᠤᠳ ᠠᠵᠤ ᠠᠬᠤᠶᠢᠯᠠᠯ18 ᠠᠵᠤ ᠠᠬᠤᠶᠢᠯᠠᠯ ᠪᠠᠶᠢᠨ᠎ᠠ︔ ᠰᠠᠯᠬᠢᠨ ᠬᠦᠴᠦᠨ ᠤ ᠴᠠᠬᠢᠯᠭᠠᠨ᠂ ᠭᠡᠷᠡᠯ ᠴᠡᠨᠡᠭ ᠤᠨ ᠴᠠᠬᠢᠯᠭᠠᠨ ᠤ ᠠᠵᠤ ᠠᠬᠤᠶᠢᠯᠠᠯ 14 ᠪᠠᠶᠢᠨ᠎ᠠ᠃        ᠣᠳᠣᠬᠠᠨ ᠪᠣᠯᠲᠠᠯ᠎ᠠ᠂ ᠬᠦᠷᠢᠶᠡᠯᠡᠩ ᠲᠣᠭᠤᠷᠢᠭ ᠤᠨ ᠳᠣᠲᠣᠷᠠᠬᠢ 84 ᠠᠵᠤ ᠦᠢᠯᠡᠳᠪᠦᠷᠢ ᠶᠢᠨ ᠠᠵᠤ ᠠᠬᠤᠶᠢᠯᠠᠯ ᠨᠡᠶᠢᠲᠡ 4352 ᠬᠥᠮᠦᠨ ︵ᠡᠭᠦᠨ ᠳᠤ ᠲᠤᠬᠠᠶ ᠶᠢᠨ ᠭᠠᠵᠠᠷ ᠤᠨ 3177 ᠬᠥᠮᠦᠨ᠂ ᠭᠠᠳᠠᠷ ᠣᠷᠣᠨ ᠤ 1175 ᠬᠥᠮᠦᠨ︶ ᠤ ᠠᠵᠢᠯ ᠤᠯᠭᠤᠯᠳᠠ ᠶᠢ ᠰᠢᠢᠳᠪᠦᠷᠢᠯᠡᠵᠤ᠂ ᠰᠠᠷ᠎ᠠ ᠶᠢᠨ ᠳᠤᠮᠳᠠᠴᠢ ᠴᠠᠯᠢᠩ ᠨᠢ ᠪᠠᠷᠤᠭ 4200 ᠲᠥᠭᠦᠷᠢᠭ ᠪᠣᠯᠤᠨ᠎ᠠ᠃ ᠬᠦᠷᠢᠶᠡᠯᠡᠩ ᠲᠣᠭᠤᠷᠢᠭ ᠲᠤ ᠠᠵᠢᠯ ᠣᠯᠭᠤᠯᠲᠠ ᠶᠢᠨ ᠲᠡᠳᠬᠦᠮᠵᠢ ᠭᠥᠷᠳᠡᠬᠦ ᠲᠥᠷᠥ ᠶᠢᠨ ᠪᠣᠳᠣᠯᠭ᠎ᠠ ᠨᠡᠶᠢᠲᠡ 14 ᠪᠠᠶᠢᠵᠤ᠂ ᠡᠭᠦᠨ ᠳᠤ 1 ᠺᠣᠮᠫᠠᠨᠢ ᠠᠵᠢᠯ ᠠᠯᠳᠠᠯᠲᠠ ᠶᠢᠨ ᠳᠠᠭᠠᠳᠬᠠᠯ᠂ ᠵᠣᠭᠤᠰ ᠤᠨ ᠲᠤᠭ᠎ᠠ 0.48 ᠲᠦᠮᠡᠨ ᠲᠥᠭᠦᠷᠢᠭ ᠪᠠᠶᠢᠵᠤ᠂ 13 ᠠᠵᠤ ᠠᠬᠤᠶᠢᠯᠠᠯ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠨᠥᠬᠦᠪᠥᠷᠢ ᠭᠥᠷᠳᠡᠵᠦ᠂ 51.15 ᠲᠦᠮᠡᠨ ᠲᠥᠭᠦᠷᠢᠭ ᠤᠨ ᠪᠠᠯᠠ ᠮᠥᠩᠭᠦ ᠭᠥᠷᠳᠡᠪᠡ᠃ ᠰᠠᠯᠬᠢᠨ ᠬᠦᠴᠦᠨ ᠤ ᠴᠠᠬᠢᠯᠭᠠᠨ᠂ ᠭᠡᠷᠡᠯ ᠴᠡᠨᠡᠭ ᠢᠶᠠᠷ ᠴᠠᠬᠢᠯᠭᠠᠨ ᠭᠠᠷᠭᠠᠬᠤ 14 ᠠᠵᠤ ᠦᠢᠯᠡᠳᠪᠦᠷᠢ ᠶᠢᠨ ᠠᠵᠤ ᠠᠬᠤᠶᠢᠯᠠᠯ 403 ᠬᠦᠮᠦᠨ ᠤ ᠠᠵᠢᠯ ᠤᠯᠭᠤᠯᠳᠠ ᠶᠢ ᠰᠢᠢᠳᠪᠦᠷᠢᠯᠡᠵᠤ᠂ ᠡᠭᠦᠨ ᠳᠤ ᠲᠤᠬᠠᠶ ᠶᠢᠨ ᠭᠠᠵᠠᠷ ᠤᠨ ᠠᠵᠢᠯᠲᠠᠨ 273 ᠬᠥᠮᠦᠨ᠂ ᠭᠠᠳᠠᠷ ᠣᠷᠣᠨ ᠤ ᠬᠥᠮᠦᠨ 130 ᠬᠥᠮᠦᠨ᠂ ᠳᠤᠮᠳᠠᠴᠢ ᠰᠠᠷ᠎ᠠ ᠶᠢᠨ ᠴᠠᠯᠢᠩ ᠪᠠᠷᠤᠭ 8500 ᠲᠥᠭᠦᠷᠢᠭ ᠪᠠᠶᠢᠨ᠎ᠠ᠃ 181 ᠬᠦᠮᠦᠨ ᠤ ᠲᠠᠪᠤᠨ ᠳᠠᠭᠠᠳᠬᠠᠯ ᠨᠢᠬᠡ ᠮᠦᠩᠬᠦ  ᠶᠢ ᠨᠢ ᠳᠤᠰᠢᠶᠠᠵᠤ᠂ ᠪᠦᠬᠦ ᠠᠵᠢᠯ ᠤᠯᠤᠭᠰᠠᠨ ᠬᠦᠮᠦᠨ ᠤ ᠳᠤᠭ᠎ᠠ ᠶᠢᠨ 45% ᠶᠢ ᠡᠵᠡᠯᠡᠪᠡ᠃                       ᠤᠷᠴᠢᠭᠤᠯᠤᠭᠴᠢ᠄ ᠬᠦᠰᠡᠯ                       ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2