| | ᠤᠶᠢᠷ᠎ᠡ ᠶᠢᠨ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠱᠢ ᠯᠢᠶᠠᠩ ᠬᠤᠲᠠ ᠶᠢᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ | ᠳᠤᠭᠤᠶᠢᠯᠠᠩ ᠤᠨ 2025 ᠣᠨ ᠤ ᠠᠩᠬᠠᠳᠤᠭᠠᠷ ᠤᠳᠠᠭᠠᠨ ᠤ ᠬᠤᠷᠠᠯ ᠵᠢᠴᠢ ᠣᠨᠣᠯ ᠰᠤᠷᠤᠯᠴᠠᠬᠤ ᠭᠤᠤᠯ | ᠳᠤᠭᠤᠶᠢᠯᠠᠩ ᠤᠨ ᠠᠩᠬᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ | ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ | ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ | ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ᠂ ᠨᠠᠮ ᠤᠨ ᠤᠯᠤᠰ ᠲᠦᠷᠦ ᠶᠢᠨ ᠰᠠᠬᠢᠯᠭ᠎ᠠ ᠪᠠᠲᠤ ᠪᠣᠯᠤᠨ ᠤᠯᠤᠰ ᠲᠦᠷᠦ ᠶᠢᠨ ᠶᠣᠰᠣ | ᠲᠦᠷᠢᠮ ᠢ ᠴᠢᠩᠳᠠᠯᠠᠬᠤ ᠶᠢ ᠲᠡᠷᠢᠭᠦᠨ ᠪᠠᠶᠢᠷᠢᠨ ᠳᠤ ᠲᠠᠯᠪᠢᠵᠤ᠂ ᠦᠵᠡᠯ ᠰᠠᠨᠠᠭ᠎ᠠ ᠤᠯᠤᠰ ᠲᠦᠷᠦ ᠦᠢᠯᠡ | ᠠᠵᠢᠯᠯᠠᠭ᠎ᠠ ᠶᠢᠨ ᠲᠠᠯ᠎ᠠ ᠪᠠᠷ ᠢᠮᠠᠭᠲᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠬᠡᠷᠡᠭᠲᠡᠢ᠃ ᠰᠤᠷᠲᠠᠯ ᠴᠢᠬᠡᠴᠢ ᠣᠪᠣᠷ ᠲᠥᠪ ᠤᠯᠤᠰ | ᠲᠦᠷᠦ ᠶᠢᠨ ᠠᠮᠢ ᠠᠬᠤᠢ ᠪᠣᠯᠤᠨ ᠠᠵᠢᠯ ᠬᠢᠵᠦ ᠦᠢᠯᠡᠰ ᠪᠤᠰᠬᠠᠬᠤ ᠬᠥᠭᠵᠢᠯᠲᠡ ᠶᠢᠨ ᠣᠷᠴᠢᠨ ᠲᠣᠭᠤᠷᠢᠨ ᠢ | ᠬᠦᠴᠦᠯᠡᠨ ᠪᠤᠢ ᠪᠣᠯᠭᠠᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠲᠦᠪᠰᠢᠨ ᠢ ᠳᠡᠭᠡᠭᠰᠢᠯᠡᠭᠦᠯᠬᠦ | ᠪᠦᠲᠦᠮᠵᠢᠲᠡᠢ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠬᠤ ᠪᠠᠷ ᠴᠢᠷᠮᠠᠶᠢᠬᠤ ᠬᠡᠷᠡᠭᠲᠡᠢ᠃ ᠠᠷᠠᠳᠴᠢᠯᠠᠯ ᠤᠨ | ᠠᠮᠢᠳᠤᠷᠠᠯ ᠤᠨ ᠬᠤᠷᠠᠯ ᠤᠨ ᠪᠡᠯᠡᠳᠬᠡᠯ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠷᠠᠳᠴᠢᠯᠠᠯ ᠤᠨ | ᠠᠮᠢᠳᠤᠷᠠᠯ ᠤᠨ ᠬᠤᠷᠠᠯ ᠤᠨ ᠴᠢᠨᠠᠷ ᠰᠠᠶᠢᠲᠠᠢ ᠬᠤᠷᠠᠯᠳᠤᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠵᠠᠢ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | ᠣᠷᠴᠢᠭᠤᠯᠤᠭᠴᠢ᠄ ᠭᠤᠸ᠎ᠠ | ᠬᠢᠨᠠᠭᠴᠢ᠄ ᠠᠷᠢᠭᠤᠨ |