ᠹᠧᠩᠵᠧᠨ ᠬᠤᠲᠠ᠄ ︽ᠵᠢᠵᠢᠭ ᠥᠷᠲᠡᠭᠡ︾ ᠨᠢ ︽ᠶᠡᠭᠡ ᠬᠠᠶᠢᠷ᠎ᠠ ᠬᠠᠯᠠᠮᠵᠢ︾ ᠶᠢ ᠳᠠᠮᠵᠢᠭᠤᠯᠪᠠ
ᠨᠡᠶᠢᠲᠡᠯᠡᠭᠰᠡᠨ ᠴᠠᠭ᠄
2025/2/5
         ᠤᠢᠢᠷ᠎ᠠ ᠶᠢᠨ ᠵᠢᠯ ᠠᠴᠠ᠂ ᠹᠧᠩᠵᠧᠨ ᠬᠤᠳᠠ ᠶᠢᠨ ᠨᠠᠮ ᠤᠨ ᠬᠤᠷᠢᠶ᠎ᠠ ᠶᠢᠨ ᠨᠡᠶᠢᠭᠡᠮ ᠤᠨ ᠠᠵᠢᠯ ᠤᠨ ᠬᠡᠯᠲᠡᠰ᠂ ᠹᠧᠩᠵᠧᠨ ᠬᠤᠳᠠ ᠶᠢᠨ ︽ᠬᠤᠶᠠᠷ ᠰᠢᠨ᠎ᠡ︾ ᠨᠠᠮ ᠤᠨ ᠠᠵᠢᠯᠯᠠᠬᠤ ᠬᠤᠷᠢᠶ᠎ᠠ ᠰᠡᠳᠬᠢᠯ ᠢ ᠳᠤᠯᠠᠭᠠᠴᠠᠭᠤᠯᠬᠤ ᠦᠷᠳᠡᠭᠡ ᠪᠠᠷ ᠲᠦᠰᠢᠭ ᠪᠣᠯᠭᠠᠵᠤ᠂ ᠲᠤᠬᠠᠶᠢᠯᠠᠭᠰᠠᠨ ᠠᠵᠢᠯ ᠤᠨ ᠵᠢᠯᠤᠭᠤᠳᠤᠯᠭ᠎ᠠ ᠪᠠᠨ ᠴᠢᠩᠭᠠᠳᠬᠠᠵᠤ᠂ ᠦᠢᠯᠡᠴᠢᠯᠡᠭᠡᠨ ᠤ ᠠᠷᠭ᠎ᠠ ᠬᠡᠮᠵᠢᠶ᠎ᠡ ᠪᠠᠨ ᠪᠠᠶᠠᠯᠢᠭᠵᠢᠭᠤᠯᠵᠤ᠂ ᠰᠢᠨ᠎ᠡ ᠠᠵᠢᠯ ᠣᠯᠤᠭᠰᠠᠨ ᠬᠥᠮᠦᠰ ᠢ ᠬᠠᠯᠠᠮᠵᠢᠯᠠᠨ ᠬᠠᠶᠢᠷᠠᠯᠠᠬᠤ ᠠᠵᠢᠯ ᠢ ᠭᠦᠨᠵᠡᠭᠡᠢ ᠠᠬᠢᠭᠤᠯᠵᠤ᠂ ᠰᠢᠨ᠎ᠡ ᠠᠵᠢᠯ ᠣᠯᠤᠭᠰᠠᠨ ᠬᠥᠮᠦᠰ ᠤᠨ ᠪᠣᠳᠠᠲᠠᠢ ᠬᠦᠴᠢᠷᠳᠡᠯ ᠢ ᠦᠨᠡᠨ ᠬᠦ ᠬᠠᠪᠰᠤᠷᠤᠨ ᠰᠢᠢᠳᠪᠦᠷᠢᠯᠡᠵᠦ᠂ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠴᠢᠷᠮᠠᠶᠢᠨ ᠪᠤᠢ ᠪᠣᠯᠭᠠᠪᠠ᠃    ︽ᠰᠡᠳᠬᠢᠯ ᠢ ᠳᠤᠯᠠᠭᠠᠴᠠᠭᠤᠯᠬᠤ ᠥᠷᠲᠡᠭᠡ ᠲᠠᠢ ᠪᠣᠯᠤᠭᠰᠠᠨ ᠠᠴᠠ ᠨᠠᠰᠢ᠂ ᠪᠢᠳᠡ ᠦᠷᠭᠦᠯᠵᠢ ᠠᠳᠡ ᠤᠰᠤ ᠤᠤᠭᠤᠬᠤ᠂ ᠴᠠᠬᠢᠯᠭᠠᠨ ᠴᠡᠨᠡᠭᠯᠡᠬᠦ᠂ ᠳᠤᠯᠠᠭᠠᠯᠠᠬᠤ᠂ ᠬᠠᠯᠠᠭᠤᠨ ᠬᠤᠭᠤᠯᠠ ᠢᠳᠡᠬᠦ ᠪᠠᠷ ᠢᠷᠡᠳᠡᠭ᠂ ᠶᠠᠳᠠᠷᠠᠵᠤ ᠠᠮᠠᠷᠠᠵᠤ ᠳᠡᠶᠢᠯᠦᠨ᠎ᠡ᠂ ᠪᠠᠰᠠ ᠡᠮ ᠡᠮᠨᠡᠯᠭᠡ ᠶᠢᠨ ᠬᠡᠷᠡᠭᠰᠡᠯ ᠲᠠᠢ᠂ ᠮᠠᠰᠢ ᠳᠥᠭᠦᠮ ᠪᠠᠶᠢᠳᠠᠭ︾ ᠭᠡᠵᠤ ᠵᠢᠩ ᠳ᠋ᠦᠩ  ᠤᠨ ᠲᠦᠷᠭᠡᠨ ᠬᠦᠷᠭᠡᠯᠳᠡ ᠶᠢᠨ ᠠᠵᠢᠯᠴᠢᠨ ᠨᠢᠩ ᠭᠥᠸᠧ ᠱᠧᠩ ᠬᠡᠯᠡᠪᠡ᠃    ᠹᠧᠩᠵᠧᠨ ᠬᠤᠲᠠ ᠶᠢᠨ ᠯᠢ ᠳ᠋ᠦ᠋ ᠨᠡᠶᠢᠭᠡᠮ ᠲᠣᠭᠤᠷᠢᠭ᠂ ᠪᠢᠨ ᠾᠧ ᠨᠡᠶᠢᠭᠡᠮ ᠲᠣᠭᠤᠷᠢᠭ᠂ ᠴᠠᠬᠢᠯᠭᠠᠨ ᠤ ᠦᠶ᠋ᠯᠡᠳᠪᠦᠷᠢ ᠶᠢᠨ ᠵᠠᠮ ᠤᠨ ᠨᠡᠶᠢᠭᠡᠮ ᠲᠣᠭᠤᠷᠢᠭ ᠵᠡᠷᠬᠡ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ᠂ ᠰᠠᠭᠤᠭᠠᠯᠢ ᠠᠷᠠᠳ ᠤᠯᠠᠨ ᠵᠢᠴᠢ ᠰᠢᠨ᠎ᠡ ᠪᠠᠷ ᠠᠵᠢᠯ ᠣᠯᠤᠭᠰᠠᠨ ᠬᠥᠮᠦᠰ ᠲᠤ ᠦᠢᠯᠡᠴᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠬᠢᠵᠠᠭᠠᠷ ᠲᠠᠢ ᠣᠷᠣᠨ ᠵᠠᠶ ᠶᠢ ᠠᠰᠢᠭᠯᠠᠨ᠂ ︽ᠤᠢᠢᠷ᠎ᠠ ᠬᠠᠪᠢ ᠳᠤᠨᠢ᠂ ᠳᠥᠭᠦᠮ ᠳᠥᠲᠡ᠂ ᠪᠣᠳᠠᠲᠤ ᠬᠡᠷᠡᠭᠴᠡᠭᠡ ᠲᠠᠢ᠂ ᠤᠷᠳᠤ ᠬᠤᠭᠤᠴᠠᠭ᠎ᠠ ᠪᠦᠲᠦᠮᠵᠢᠲᠡᠢ ᠪᠠᠶᠢᠬᠤ︾ ᠵᠠᠷᠴᠢᠮ ᠶᠣᠰᠣᠭᠠᠷ᠂ ᠰᠡᠳᠬᠢᠯ ᠳᠤᠯᠠᠭᠠᠴᠠᠭᠤᠯᠬᠤ ᠦᠷᠳᠡᠭᠡ ᠶᠢᠨ ᠰᠢᠨ᠎ᠡ ᠶᠢ ᠡᠬᠦᠳᠴᠦ᠂ ᠤᠤᠭᠤᠬᠤ ᠤᠰᠤ ᠲᠠᠢ᠂ ᠬᠤᠭᠤᠯᠠ ᠢᠳᠡᠬᠦ ᠳᠤ ᠰᠢᠷᠡᠭᠡ ᠲᠠᠢ᠂ ᠠᠮᠠᠷᠠᠬᠤ ᠳᠤ ᠰᠠᠨᠳᠠᠯᠢ ᠲᠠᠢ᠂ ᠵᠣᠷᠯᠣᠩ ᠲᠠᠢ᠂ ᠨᠣᠮ ᠪᠢᠴᠢᠭ ᠲᠠᠢ᠂ ᠰᠢᠷᠬᠠᠲᠤᠭᠰᠠᠨ ᠢ ᠨᠢ ᠠᠪᠤᠷᠬᠠᠤ ᠳᠣᠲᠣᠨᠣ ᠦᠢᠯᠡᠴᠢᠯᠡᠭᠡ ᠬᠠᠩᠭᠠᠵᠤ᠂ ᠰᠢᠨ᠎ᠡ ᠪᠠᠷ ᠠᠵᠢᠯ ᠣᠯᠤᠭᠰᠠᠨ ᠬᠥᠮᠦᠰ ᠢ ᠵᠠᠮ ᠳᠡᠭᠡᠷ᠎ᠡ ᠭᠦᠶᠦᠯᠭᠡᠵᠦ᠂ ᠬᠠᠯᠠᠭᠤᠨ ᠳᠤᠯᠠᠭᠠᠨ ᠢ ᠨᠢ ᠰᠡᠳᠬᠢᠯ ᠳᠡᠭᠡᠨ ᠬᠠᠲᠠᠩᠰᠢᠭᠤᠯᠤᠨ᠎ᠠ᠃ ᠡᠳᠦᠭᠡ᠂ ᠹᠧᠩᠵᠧᠨ ᠬᠤᠲᠠ ᠶᠢᠨ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ᠂ ᠭᠤᠤᠯ ᠵᠡᠭᠡᠯᠢ ᠭᠤᠳᠤᠮᠵᠢ ᠶᠢᠨ ᠵᠠᠮ ᠤᠨ ᠬᠠᠵᠠᠭᠤ᠂ ︽ᠵᠢᠯᠣᠭᠤᠴᠢ ᠶᠢᠨ ᠭᠡᠷ︾ ᠵᠡᠷᠭᠡ ᠶᠢ ᠠᠰᠢᠭᠯᠠᠨ ᠨᠢᠭᠡᠨᠲᠡ 26 ᠰᠠᠭᠤᠷᠢ ᠰᠡᠳᠬᠢᠯ ᠢ ᠳᠤᠯᠠᠭᠠᠴᠠᠭᠤᠯᠬᠤ ᠥᠷᠲᠡᠭᠡ ᠨᠡᠭᠡᠭᠡᠭᠰᠡᠨ ᠪᠠᠶᠢᠨ᠎ᠠ᠃    ᠹᠧᠩᠵᠧᠨ ᠬᠤᠲᠠ ᠶᠢᠨ ᠰᠢᠨ᠎ᠡ ᠬᠤᠲᠠ ᠲᠣᠭᠤᠷᠢᠭ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠯᠢ ᠳ᠋ᠦ᠋ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠱᠦᠵᠢ ᠵᠠᠩ ᠮᠢᠨ᠄ ︽ᠪᠢᠳᠡ ᠰᠡᠳᠬᠢᠯ ᠢ ᠳᠤᠯᠠᠭᠠᠴᠠᠭᠤᠯᠬᠤ ᠥᠷᠲᠡᠭᠡ ᠳᠤ ᠰᠢᠷᠡᠭᠡ ᠰᠠᠨᠳᠠᠯᠢ᠂ ᠪᠢᠴᠢᠯ ᠳᠣᠯᠭᠢᠶᠠᠨᠲᠤ ᠵᠤᠤᠬ᠎ᠠ᠂ ᠪᠣᠷᠣᠭᠠᠨ ᠤ ᠰᠢᠬᠦᠷ ᠵᠡᠷᠭᠡ ᠡᠳ᠋ ᠪᠣᠳᠠᠰ ᠢ ᠲᠣᠬᠢᠷᠠᠭᠤᠯᠪᠠ᠃ ᠬᠠᠬᠢᠷ ᠬᠦᠢᠲᠡᠨ ᠡᠪᠦᠯ ᠤᠨ ᠤᠯᠠᠷᠢᠯ ᠳᠤ ᠪᠠᠰᠠ ᠰᠢᠨ᠎ᠡ ᠪᠠᠷ ᠠᠵᠢᠯ ᠣᠯᠤᠭᠰᠠᠨ ᠬᠥᠮᠦᠰ ᠲᠤ ᠪᠡᠶ᠎ᠡ ᠳᠤᠯᠠᠭᠠᠯᠠᠬᠤ ᠵᠦᠢᠯ᠂ ᠪᠡᠭᠡᠯᠡᠶ ᠵᠡᠷᠭᠡ ᠬᠠᠯᠠᠭᠤᠨ ᠳᠣᠲᠣᠨᠣ ᠪᠣᠳᠠᠰ ᠪᠠ ᠢᠳᠡᠭᠡᠨ ᠪᠡᠯᠡᠳᠬᠡᠪᠡ᠃ ᠬᠠᠯᠠᠭᠤᠨ ᠳᠤᠯᠠᠭᠠᠨ ᠥᠷᠲᠡᠭᠡ ᠪᠠᠷ ᠳᠠᠮᠵᠢᠭᠤᠯᠤᠨ᠂ ᠣᠯᠠᠨ ᠳᠤ ᠨᠠᠮ ᠤᠨ ᠬᠠᠶᠢᠷ᠎ᠠ ᠬᠠᠯᠠᠮᠵᠢ ᠶᠢ ᠦᠨᠡᠨ ᠬᠦ ᠮᠡᠳᠡᠷᠡᠭᠦᠯᠬᠦ ᠶᠢ ᠬᠦᠰᠡᠵᠦ ᠪᠠᠶᠢᠨ᠎ᠠ︾ ᠭᠡᠵᠡᠶ᠃    ᠳᠠᠷᠠᠭᠠᠴᠢ ᠶᠢᠨ ᠠᠯᠬᠤᠮ ᠳᠤ᠂ ᠹᠧᠩᠵᠧᠨ ᠬᠤᠲᠠ ᠶᠢᠨ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ᠂ ᠹᠧᠩᠵᠧᠨ ᠬᠤᠲᠠ ᠶᠢᠨ ︽ᠬᠤᠶᠠᠷ ᠰᠢᠨ᠎ᠡ︾ ᠨᠠᠮ ᠤᠨ ᠠᠵᠢᠯᠯᠠᠬᠤ ᠬᠤᠷᠢᠶ᠎ᠠ ᠦᠷᠭᠦᠯᠵᠢᠯᠡᠨ ᠨᠠᠮ ᠤᠨ ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠵᠤ᠂ ᠰᠢᠨ᠎ᠡ ᠠᠵᠢᠯ ᠣᠯᠭᠤᠯᠲᠠ ᠶᠢᠨ ᠬᠠᠮᠲᠤᠯᠢᠭ ᠤᠨ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠦᠢᠯᠡᠴᠢᠯᠡᠭᠡᠨ ᠤ ᠠᠭᠤᠯᠭ᠎ᠠ ᠪᠣᠯᠤᠨ ᠬᠡᠯᠪᠡᠷᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠰᠢᠨ᠎ᠡ ᠠᠵᠢᠯ ᠣᠯᠭᠤᠯᠲᠠ ᠶᠢᠨ ᠬᠥᠮᠦᠰ ᠲᠤ ᠲᠠᠰᠤᠷᠠᠯᠲᠠ ᠦᠭᠡᠢ ᠨᠡᠩ ᠤᠯᠠᠨ ︽ᠰᠢᠨ᠎ᠡ︾᠂ ᠰᠡᠳᠬᠢᠯ ᠳᠤᠯᠠᠭᠠᠴᠠᠭᠤᠯᠬᠤ ᠦᠢᠯᠡᠴᠢᠯᠡᠭᠡ ᠬᠠᠩᠭᠠᠵᠤ᠂ ᠰᠢᠨ᠎ᠡ ᠪᠠᠷ ᠠᠵᠢᠯ ᠣᠯᠤᠭᠰᠠᠨ ᠬᠥᠮᠦᠰ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠲᠠᠰᠤᠷᠠᠯᠲᠠ ᠦᠭᠡᠢ ᠠᠬᠢᠭᠤᠯᠬᠤ ᠪᠣᠯᠤᠨ᠎ᠠ᠃                        ᠵᠣᠬᠢᠶᠠᠭᠴᠢ᠄ ᠯᠢ ᠤᠣ ᠮᠢᠨ  ᠭᠦᠸᠧ ᠬᠤᠶ ᠮᠢᠨ                        ᠤᠷᠴᠢᠭᠤᠯᠤᠭᠴᠢ᠄ ᠬᠦᠰᠡᠯ                        ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2