ᠯᠢᠶᠠᠩᠴᠧᠩ ᠰᠢᠶᠠᠨ ᠢᠳᠡᠭᠡᠨ ᠤ ᠦᠢᠯᠡᠳᠪᠦᠷᠢᠯᠡᠯ ᠡᠵᠡᠩᠨᠡᠯᠲᠡ ᠶᠢᠨ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ︽ᠠᠵᠢᠯ ᠡᠬᠢᠯᠡᠭᠦᠯᠬᠦ ᠠᠩᠬᠠᠨ ᠤ ᠬᠢᠴᠢᠶᠡᠯ︾ ᠤᠨ ᠪᠣᠯᠪᠠᠰᠤᠷᠠᠯ ᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2025/3/10
           ᠦᠢᠯᠡᠳᠪᠦᠷᠢᠯᠡᠯ ᠡᠵᠡᠩᠨᠡᠯᠲᠡ ᠶᠢᠨ ᠨᠢᠬᠡᠴᠢ ᠶᠢᠨ ᠠᠶᠦᠯᠭᠦᠢ ᠦᠢᠯᠡᠳᠪᠦᠷᠢᠯᠡᠯ ᠤᠨ ᠠᠵᠢᠯ ᠢ ᠦᠨᠡᠨᠬᠦ ᠴᠢᠩᠭᠠᠳᠬᠠᠵᠤ᠂ ᠠᠵᠤ ᠠᠬᠤᠶᠢᠯᠠᠯ ᠤᠨ ᠠᠶᠦᠯᠭᠦᠢ ᠶᠢᠨ ᠬᠠᠮᠢᠶᠠᠷᠤᠯᠲᠠ ᠶᠢᠨ ᠬᠢᠷᠢ ᠬᠡᠮᠵᠢᠶ᠎ᠡ ᠪᠣᠯᠤᠨ ᠠᠵᠢᠯᠲᠠᠨ ᠠᠵᠢᠯᠴᠢᠳ ᠤᠨ ᠠᠶᠦᠯᠭᠦᠢ ᠶᠢᠨ ᠦᠵᠡᠯ ᠤᠬᠠᠮᠰᠠᠷ ᠢ ᠳᠡᠭᠡᠭᠰᠢᠯᠡᠭᠦᠯᠬᠦ ᠶᠢᠨ ᠲᠤᠰᠠᠳᠠ᠂ 3 ᠰᠠᠷ᠎ᠠ ᠶᠢᠨ 3 ᠤ ᠡᠳᠦᠷ᠂ ᠯᠢᠶᠠᠩᠴᠧᠩ ᠰᠢᠶᠠᠨ ᠢᠳᠡᠭᠡᠨ ᠤ ᠦᠢᠯᠡᠳᠪᠦᠷᠢᠯᠡᠯ ᠡᠵᠡᠩᠨᠡᠯᠲᠡ ᠶᠢᠨ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ︽ᠠᠵᠢᠯ ᠡᠬᠢᠯᠡᠭᠦᠯᠬᠦ ᠠᠩᠬᠠᠨ ᠤ ᠬᠢᠴᠢᠶᠡᠯ︾ ᠤᠨ ᠪᠣᠯᠪᠠᠰᠤᠷᠠᠯ ᠥᠷᠨᠢᠭᠦᠯᠵᠦ᠂ ᠰᠢᠶᠠᠨ ᠤ ᠬᠡᠪᠴᠢᠶᠡᠨ ᠤ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠬᠠᠷᠢᠭᠤᠴᠠᠯᠭᠠᠲᠠᠨ ᠵᠢᠴᠢ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠨ ᠲᠣᠰ ᠤᠳᠠᠭᠠᠨ ᠤ ᠪᠣᠯᠪᠠᠰᠤᠷᠠᠯ ᠳᠤ ᠣᠷᠣᠯᠴᠠᠪᠠ᠃    ᠲᠣᠰ ᠤᠳᠠᠭᠠᠨ ᠤ ᠪᠣᠯᠪᠠᠰᠤᠷᠠᠯ ᠤᠨ ᠠᠭᠤᠯᠭ᠎ᠠ ᠳᠤ ᠢᠳᠡᠭᠡᠨ ᠤ ᠦᠢᠯᠡᠳᠪᠦᠷᠢᠯᠡᠯ ᠡᠵᠡᠩᠨᠡᠯᠲᠡ ᠶᠢᠨ ᠭᠤᠭᠴᠤᠭ᠎ᠠ ᠶᠢᠨ ᠠᠮᠤᠷ ᠲᠦᠪᠰᠢᠨ ᠢ ᠮᠥᠷᠳᠡᠨ ᠤᠬᠤᠴᠢᠯᠠᠬᠤ ᠰᠢᠰᠲ᠋ᠧᠮ᠂ ᠢᠳᠡᠭᠡᠨ ᠤ ᠠᠮᠤᠷ ᠲᠦᠪᠰᠢᠨ ᠤ ᠤᠯᠤᠰ ᠤᠨ ᠪᠠᠷᠢᠮᠵᠢᠶ᠎ᠠ ᠶᠢᠨ ᠤᠷᠢᠳᠴᠢᠯᠠᠨ ᠪᠣᠭᠤᠳᠠᠯᠯᠠᠭᠰᠠᠨ ᠢᠳᠡᠭᠡᠨ ᠤ ᠲᠡᠮᠳᠡᠭ ᠤᠨ ᠶᠡᠷᠦᠩᠬᠡᠶ ᠲᠦᠷᠢᠮ ᠵᠢᠴᠢ ᠤᠷᠢᠳᠴᠢᠯᠠᠨ ᠪᠣᠭᠤᠳᠠᠯᠯᠠᠭᠰᠠᠨ ᠢᠳᠡᠭᠡᠨ ᠤ ᠲᠡᠮᠳᠡᠭ ᠤᠨ  ᠦᠷᠭᠦᠯᠵᠢ ᠲᠣᠬᠢᠶᠠᠯᠳᠤᠬᠤ ᠠᠰᠠᠭᠤᠳᠠᠯ ᠤᠨ ᠵᠠᠳᠠᠯᠤᠯᠲᠠ ᠪᠠ ᠢᠳᠡᠭᠡᠨ ᠤ ᠦᠢᠯᠡᠳᠪᠦᠷᠢᠯᠡᠯ ᠡᠵᠡᠩᠨᠡᠯᠲᠡ ᠶᠢᠨ ᠠᠵᠤ ᠠᠬᠤᠶᠢᠯᠠᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠢᠶ᠎ᠠ ᠪᠥᠬᠦᠶ ᠠᠭᠤᠯᠭ᠎ᠠ ᠵᠡᠷᠭᠡ ᠪᠠᠭᠲᠠᠨ᠎ᠠ᠃ ᠪᠣᠯᠪᠠᠰᠤᠷᠠᠯ ᠤᠨ ᠪᠠᠭᠰᠢ ᠪᠣᠳᠠᠲᠤ ᠬᠡᠷᠡᠭ ᠤᠨ ᠵᠢᠱᠢᠶ᠎ᠡ ᠲᠠᠢ ᠪᠠᠨ ᠤᠶᠠᠯᠳᠤᠭᠤᠯᠤᠨ᠂ ᠣᠳᠣᠬᠠᠨ ᠤ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠢ ᠭᠦᠨᠵᠡᠭᠡᠶ ᠵᠠᠳᠠᠯᠤᠭᠰᠠᠨ ᠤ ᠬᠠᠮᠲᠤ ᠠᠶᠤᠯᠭᠦᠶ ᠦᠢᠯᠡᠳᠪᠦᠷᠢᠯᠡᠯ ᠤᠨ ᠬᠠᠤᠯᠢ ᠴᠠᠭᠠᠵᠠ ᠬᠠᠤᠯᠢ ᠲᠣᠭᠲᠠᠭᠠᠯ᠂ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ᠂ ᠳᠠᠯᠳᠠ ᠬᠡᠮ ᠢ ᠵᠢᠭᠰᠠᠭᠠᠨ ᠪᠠᠶᠢᠴᠠᠭᠠᠵᠤ ᠵᠠᠰᠠᠬᠤ ᠵᠡᠷᠭᠡ ᠲᠠᠯ᠎ᠠ ᠶᠢᠨ ᠮᠡᠳᠡᠯᠭᠡ ᠶᠢ ᠨᠠᠷᠢᠨ ᠲᠠᠶᠢᠯᠪᠤᠷᠢᠯᠠᠪᠠ᠃ ᠪᠣᠯᠪᠠᠰᠤᠷᠠᠯ ᠢᠶᠠᠷ ᠳᠠᠮᠵᠢᠨ᠂ ᠦᠢᠯᠡᠳᠪᠦᠷᠢᠯᠡᠯ ᠡᠵᠡᠩᠨᠡᠯᠲᠡ ᠶᠢᠨ ᠨᠢᠬᠡᠴᠢ ᠶᠢᠨ ᠠᠮᠤᠷ ᠲᠦᠪᠰᠢᠨ ᠤ ᠤᠬᠠᠮᠰᠠᠷ ᠪᠣᠯᠤᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ ᠪᠠᠰᠠ ᠰᠢᠨ᠎ᠡ ᠨᠢᠭᠡ ᠵᠢᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃    ᠳᠠᠷᠠᠭᠠᠴᠢ ᠶᠢᠨ ᠠᠯᠬᠤᠮ ᠳᠤ᠂ ᠯᠢᠶᠠᠩᠴᠧᠩ ᠰᠢᠶᠠᠨ ᠪᠠᠰᠠ ᠡᠯ᠎ᠡ ᠦᠢᠯᠡᠳᠪᠦᠷᠢᠯᠡᠯ ᠡᠵᠡᠩᠨᠡᠯᠲᠡ ᠶᠢᠨ ᠨᠢᠬᠡᠴᠢ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠢ ᠮᠥᠷᠳᠡᠨ ᠪᠠᠶᠢᠴᠠᠭᠠᠵᠤ᠂ ᠪᠣᠯᠪᠠᠰᠤᠷᠠᠯ ᠤᠨ ᠠᠭᠤᠯᠭ᠎ᠠ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠶᠢᠨ ᠬᠠᠮᠲᠤ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠪᠣᠯᠤᠨ᠎ᠠ᠃                              ᠤᠷᠴᠢᠭᠤᠯᠤᠭᠴᠢ᠄ ᠬᠦᠰᠡᠯ                              ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2