ᠮᠠᠨ ᠤ ᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠡᠷᠴᠢᠮ ᠢ | ᠴᠢᠩᠭᠠᠷᠠᠭᠤᠯᠵᠤ᠂ ᠲᠠᠸᠠᠷ ᠤᠨ ᠲᠡᠮᠳᠡᠭ᠂ ᠲᠤᠰᠬᠠᠶ ᠠᠰᠢᠭ᠂ ᠭᠠᠵᠠᠷ ᠵᠦᠶ ᠶᠢᠨ ᠲᠡᠮᠳᠡᠭ ᠵᠡᠷᠭᠡ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠳᠤ ᠬᠠᠯᠳᠠᠭᠰᠠᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ | ᠴᠢᠩᠭ᠎ᠠ ᠴᠣᠬᠢᠯᠲᠠ ᠥᠭᠴᠦ᠂ ᠡᠷᠬᠡᠲᠦ ᠬᠥᠮᠦᠨ ᠤ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠵᠤ᠂ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠦᠨᠳᠦᠳᠬᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ | ᠪᠣᠯᠭᠠᠵᠤ᠂ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠳᠤ ᠬᠦᠴᠦᠨ ᠨᠡᠮᠡᠷᠢᠯᠡᠬᠦ ᠶᠢᠨ | ᠲᠥᠯᠥᠭᠡ᠂ ᠤᠯᠠᠭᠠᠨᠴᠠᠪ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ︶ ᠨᠢ ᠣᠲᠣ ᠪᠥᠬᠦ ᠬᠤᠲᠠ ᠳᠤ ᠬᠠᠨᠳᠤᠭᠤᠯᠤᠨ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠳᠤ ᠬᠠᠯᠳᠠᠭᠰᠠᠨ ᠬᠠᠤᠯᠢ ᠠᠴᠠ ᠵᠥᠷᠢᠴᠡᠭᠰᠡᠨ ᠰᠦᠪᠡᠭᠴᠢ ᠶᠢ | ᠴᠤᠭᠯᠠᠭᠤᠯᠤᠨ᠎ᠠ᠃ | ᠨᠢᠭᠡ᠂ ᠰᠦᠪᠡᠭᠴᠢ ᠴᠤᠭᠯᠠᠭᠤᠯᠬᠤ ᠬᠡᠪᠴᠢᠶ᠎ᠡ | ︵ᠨᠢᠭᠡ︶ ᠲᠠᠸᠠᠷ ᠤᠨ ᠲᠡᠮᠳᠡᠭ ᠤᠨ ᠡᠷᠬᠡ ᠳᠤ ᠬᠠᠯᠳᠠᠭᠰᠠᠨ ᠬᠠᠤᠯᠢ ᠠᠴᠠ ᠵᠥᠷᠢᠴᠡᠭᠰᠡᠨ ᠦᠢᠯᠡ | ᠠᠵᠢᠯᠯᠠᠭ᠎ᠠ᠃ ᠳᠠᠩᠰᠠᠯᠠᠭᠤᠯᠤᠭᠰᠠᠨ ᠲᠠᠸᠠᠷ ᠤᠨ ᠲᠡᠮᠳᠡᠭᠲᠦ ᠶᠢᠨ ᠲᠤᠰᠬᠠᠶ ᠬᠡᠷᠡᠭᠯᠡᠬᠦ ᠡᠷᠬᠡ ᠳᠤ ᠬᠠᠯᠳᠠᠭᠰᠠᠨ | ᠲᠠᠸᠠᠷ ᠢ ᠦᠢᠯᠡᠳᠪᠦᠷᠢᠯᠡᠬᠦ᠂ ᠪᠣᠷᠣᠯᠠᠭᠤᠯᠬᠤ ᠠᠵᠢᠯᠯᠠᠭ᠎ᠠ᠂ ᠢᠯᠠᠩᠭᠤᠶ᠎ᠠ ᠨᠠᠷᠠᠲᠤ ᠲᠠᠸᠠᠷ ᠤᠨ ᠲᠡᠮᠳᠡᠭ᠂ ᠬᠠᠭᠤᠴᠢᠨ | ᠨᠡᠷᠡᠲᠦ ᠲᠠᠸᠠᠷ ᠤᠨ ᠲᠡᠮᠳᠡᠭ᠂ ᠭᠠᠳᠠᠭᠠᠳᠤ ᠲᠠᠸᠠᠷ ᠤᠨ ᠲᠡᠮᠳᠡᠭ ᠲᠤ ᠬᠠᠯᠳᠠᠭᠰᠠᠨ ᠵᠡᠷᠭᠡ ᠠᠵᠢᠯᠯᠠᠭ᠎ᠠ︔ | ᠪᠤᠰᠤᠳ ᠤᠨ ᠳᠠᠩᠰᠠᠯᠠᠭᠤᠯᠤᠭᠰᠠᠨ ᠲᠠᠸᠠᠷ ᠤᠨ ᠲᠡᠮᠳᠡᠭ ᠤᠨ ᠲᠡᠮᠳᠡᠭ ᠢ ᠬᠠᠭᠤᠷᠮᠠᠭ ᠢᠶᠠᠷ ᠵᠣᠬᠢᠶᠠᠭᠰᠠᠨ᠂ | ᠳᠤᠷ᠎ᠠ ᠪᠠᠷ ᠢᠶᠠᠨ ᠦᠢᠯᠡᠳᠦᠭᠰᠡᠨ ᠦᠢᠯᠡ ᠠᠵᠢᠯᠯᠠᠭ᠎ᠠ︔ ᠳᠠᠩᠰᠠᠯᠠᠭᠤᠯᠤᠭᠰᠠᠨ ᠲᠠᠸᠠᠷ ᠤᠨ ᠲᠡᠮᠳᠡᠭ ᠢ | ᠬᠠᠭᠤᠷᠮᠠᠭ ᠢᠶᠠᠷ ᠵᠣᠬᠢᠶᠠᠬᠤ ᠵᠢᠴᠢ ᠤᠯᠤᠰ ᠤᠨ ᠲᠤᠭ᠂ ᠤᠯᠤᠰ ᠤᠨ ᠰᠦᠯᠳᠡ᠂ ᠴᠡᠷᠢᠭ ᠤᠨ ᠲᠤᠭ ᠵᠡᠷᠭᠡ | ᠲᠣᠭᠲᠠᠭᠠᠯ ᠢ ᠵᠥᠷᠢᠴᠡᠨ ᠲᠠᠸᠠᠷ ᠤᠨ ᠲᠡᠮᠳᠡᠭ ᠲᠤ ᠬᠡᠷᠡᠭᠯᠡᠬᠦ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ᠃ | ︵ᠬᠤᠶᠠᠷ︶ ᠲᠤᠰᠬᠠᠢ ᠠᠰᠢᠭ ᠤᠨ ᠡᠷᠬᠡ ᠳᠤ ᠬᠠᠯᠳᠠᠨ ᠬᠠᠤᠯᠢ ᠠᠴᠠ ᠵᠥᠷᠢᠴᠡᠭᠰᠡᠨ ᠠᠵᠢᠯᠯᠠᠭ᠎ᠠ᠃ | ᠡᠭᠦᠳᠦᠯᠲᠡ ᠪᠠ ᠪᠣᠳᠠᠲᠤ ᠬᠡᠷᠡᠭᠴᠡᠭᠡᠲᠦ ᠰᠢᠨ᠎ᠡ ᠬᠡᠯᠪᠡᠷᠢ ᠶᠢᠨ ᠲᠤᠰᠬᠠᠢ ᠠᠰᠢᠭ ᠤᠨ ᠡᠷᠬᠡ ᠶᠢᠨ ᠬᠦᠴᠦᠨ ᠲᠠᠢ | ᠬᠤᠭᠤᠴᠠᠭᠠᠨ ᠳᠣᠲᠣᠷ᠎ᠠ᠂ ᠲᠤᠰᠬᠠᠢ ᠠᠰᠢᠭ ᠤᠨ ᠡᠷᠬᠡ ᠲᠠᠢ ᠬᠥᠮᠦᠨ ᠤ ᠵᠥᠪᠰᠢᠶᠡᠷᠡᠯ ᠦᠭᠡᠢ ᠪᠠᠷ ᠪᠠᠰᠠ ᠬᠠᠤᠯᠢ | ᠴᠠᠭᠠᠵᠠ ᠶᠢᠨ ᠦᠨᠳᠦᠰᠦᠯᠡᠯ ᠦᠭᠡᠢ᠂ ᠦᠢᠯᠡᠳᠪᠦᠷᠢᠯᠡᠵᠦ ᠡᠵᠡᠩᠨᠡᠬᠦ ᠵᠣᠷᠢᠯᠭ᠎ᠠ ᠪᠠᠷ ᠦᠢᠯᠡᠳᠪᠦᠷᠢᠯᠡᠬᠦ᠂ ᠬᠡᠷᠡᠭᠯᠡᠬᠦ᠂ | ᠠᠮᠠᠯᠠᠵᠤ ᠪᠣᠷᠣᠯᠠᠭᠤᠯᠬᠤ᠂ ᠪᠣᠷᠣᠯᠠᠭᠤᠯᠬᠤ᠂ ᠲᠤᠰᠬᠠᠢ ᠠᠰᠢᠭ ᠤᠨ ᠪᠦᠲᠦᠭᠡᠭᠳᠡᠬᠦᠨ ᠢ ᠭᠠᠳᠠᠭᠠᠳᠤ ᠠᠴᠠ | ᠣᠷᠣᠭᠤᠯᠬᠤ᠂ ᠲᠤᠰᠬᠠᠢ ᠠᠰᠢᠭ ᠤᠨ ᠠᠷᠭ᠎ᠠ ᠶᠢ ᠨᠢ ᠬᠡᠷᠡᠭᠯᠡᠬᠦ ᠵᠢᠴᠢ ᠲᠤᠰ ᠲᠤᠰᠬᠠᠢ ᠠᠰᠢᠭ ᠤᠨ ᠠᠷᠭ᠎ᠠ ᠶᠢ | ᠦᠨᠳᠦᠰᠦᠯᠡᠨ ᠰᠢᠭᠤᠳ ᠣᠯᠤᠭᠰᠠᠨ ᠪᠦᠲᠦᠭᠡᠭᠳᠡᠬᠦᠨ ᠢ ᠬᠡᠷᠡᠭᠯᠡᠬᠦ᠂ ᠬᠤᠳᠠᠯᠳᠤᠬᠤ ᠶᠢ ᠨᠢ ᠵᠥᠪᠰᠢᠶᠡᠷᠡᠬᠦ᠂ | ᠪᠣᠷᠣᠯᠠᠭᠤᠯᠬᠤ᠂ ᠭᠠᠳᠠᠭᠠᠳᠤ ᠠᠴᠠ ᠣᠷᠣᠭᠤᠯᠬᠤ ᠵᠡᠷᠭᠡ ᠦᠢᠯᠡ ᠠᠵᠢᠯᠯᠠᠭ᠎ᠠ︔ ᠭᠠᠳᠠᠷ ᠳᠦᠷᠰᠦ ᠶᠢᠨ ᠵᠢᠷᠤᠭ | ᠲᠥᠯᠥᠪᠯᠡᠭᠡᠨ ᠤ ᠲᠤᠰᠬᠠᠢ ᠠᠰᠢᠭ ᠤᠨ ᠡᠷᠬᠡ ᠶᠢᠨ ᠬᠦᠴᠦᠨ ᠲᠠᠢ ᠬᠤᠭᠤᠴᠠᠭᠠᠨ ᠳᠣᠲᠣᠷ᠎ᠠ᠂ ᠲᠤᠰᠬᠠᠢ ᠠᠰᠢᠭ ᠤᠨ | ᠡᠷᠬᠡ ᠲᠠᠢ ᠬᠥᠮᠦᠨ ᠤ ᠵᠥᠪᠰᠢᠶᠡᠷᠡᠯ ᠦᠭᠡᠢ ᠪᠠᠷ ᠪᠠᠰᠠ ᠬᠠᠤᠯᠢ ᠴᠠᠭᠠᠵᠠ ᠶᠢᠨ ᠦᠨᠳᠦᠰᠦᠯᠡᠯ ᠦᠭᠡᠢ᠂ | ᠦᠢᠯᠡᠳᠪᠦᠷᠢᠯᠡᠵᠦ ᠡᠵᠡᠩᠨᠡᠬᠦ ᠵᠣᠷᠢᠯᠭ᠎ᠠ ᠪᠠᠷ ᠦᠢᠯᠡᠳᠪᠦᠷᠢᠯᠡᠬᠦ᠂ ᠠᠮᠠᠯᠠᠵᠤ ᠪᠣᠷᠣᠯᠠᠭᠤᠯᠬᠤ᠂ ᠪᠣᠷᠣᠯᠠᠭᠤᠯᠬᠤ᠂ | ᠭᠠᠳᠠᠭᠠᠳᠤ ᠠᠴᠠ ᠣᠷᠣᠭᠤᠯᠬᠤ ᠦᠢᠯᠡ ᠠᠵᠢᠯᠯᠠᠭ᠎ᠠ᠃ | ︵ᠭᠤᠷᠪᠠ︶ ᠲᠤᠰᠬᠠᠢ ᠠᠰᠢᠭ ᠢ ᠬᠠᠭᠤᠷᠮᠠᠭ ᠢᠶᠠᠷ ᠬᠡᠷᠡᠭᠯᠡᠭᠰᠡᠨ ᠠᠵᠢᠯᠯᠠᠭ᠎ᠠ᠃ ᠲᠤᠰᠬᠠᠢ ᠠᠰᠢᠭ ᠤᠨ ᠡᠷᠬᠡ | ᠣᠯᠭᠤᠭᠳᠠᠭᠰᠠᠨ ᠦᠭᠡᠢ ᠦᠢᠯᠡᠳᠬᠦᠨ ᠪᠤᠶᠤ ᠦᠢᠯᠡᠳᠬᠦᠨ ᠤ ᠪᠣᠭᠤᠳᠠᠯ ᠳᠡᠭᠡᠷ᠎ᠡ ᠲᠤᠰᠬᠠᠢ ᠠᠰᠢᠭ ᠤᠨ ᠲᠡᠮᠳᠡᠭ ᠢ | ᠲᠣᠳᠣᠷᠬᠠᠶᠢᠯᠠᠭᠰᠠᠨ ᠦᠢᠯᠡ ᠠᠵᠢᠯᠯᠠᠭ᠎ᠠ︔ ᠲᠤᠰᠬᠠᠢ ᠠᠰᠢᠭ ᠤᠨ ᠡᠷᠬᠡ ᠶᠢ ᠬᠦᠴᠦᠨ ᠦᠭᠡᠢ ᠪᠣᠯᠭᠠᠬᠤ ᠪᠠᠷ | ᠵᠠᠷᠯᠠᠭᠳᠠᠭᠰᠠᠨ ᠪᠤᠶᠤ ᠳᠠᠭᠤᠰᠬᠠᠭᠰᠠᠨ ᠤ ᠳᠠᠷᠠᠭ᠎ᠠ ᠦᠷᠭᠦᠯᠵᠢᠯᠡᠨ ᠲᠤᠰᠬᠠᠢ ᠠᠰᠢᠭ ᠤᠨ ᠲᠡᠮᠳᠡᠭ ᠢ | ᠲᠣᠳᠣᠷᠬᠠᠶᠢᠯᠠᠭᠰᠠᠨ ᠠᠵᠢᠯᠯᠠᠭ᠎ᠠ︔ ᠵᠥᠪᠰᠢᠶᠡᠷᠡᠯ ᠦᠭᠡᠢ ᠪᠠᠷ ᠦᠢᠯᠡᠳᠬᠦᠨ ᠪᠤᠶᠤ ᠦᠢᠯᠡᠳᠬᠦᠨ ᠤ ᠪᠣᠭᠤᠳᠠᠯ | ᠳᠡᠭᠡᠷ᠎ᠡ ᠪᠠᠨ ᠲᠤᠰᠬᠠᠢ ᠠᠰᠢᠭ ᠤᠨ ᠲᠡᠮᠳᠡᠭ ᠢ ᠲᠣᠳᠣᠷᠬᠠᠶᠢᠯᠠᠭᠰᠠᠨ ᠦᠢᠯᠡ ᠠᠵᠢᠯᠯᠠᠭ᠎ᠠ︔ ᠲᠤᠰᠬᠠᠢ ᠠᠰᠢᠭ ᠤᠨ | ᠦᠨᠡᠮᠯᠡᠯ᠂ ᠲᠤᠰᠬᠠᠢ ᠠᠰᠢᠭ ᠤᠨ ᠪᠢᠴᠢᠭ ᠮᠠᠲ᠋ᠧᠷᠢᠶᠠᠯ ᠪᠤᠶᠤ ᠲᠤᠰᠬᠠᠢ ᠠᠰᠢᠭ ᠭᠤᠶᠤᠴᠢᠯᠠᠭᠰᠠᠨ ᠪᠢᠴᠢᠭ | ᠮᠠᠲ᠋ᠧᠷᠢᠶᠠᠯ ᠢ ᠬᠠᠭᠤᠷᠮᠠᠭᠯᠠᠨ ᠵᠣᠬᠢᠶᠠᠬᠤ ᠪᠤᠶᠤ ᠬᠤᠪᠢᠷᠠᠭᠤᠯᠤᠨ ᠵᠣᠬᠢᠶᠠᠭᠰᠠᠨ ᠵᠡᠷᠭᠡ ᠬᠠᠤᠯᠢ ᠶᠢ ᠵᠥᠷᠢᠴᠡᠭᠰᠡᠨ | ᠦᠢᠯᠡ ᠠᠵᠢᠯᠯᠠᠭ᠎ᠠ︔ | ︵ᠲᠦᠷᠪᠡ︶ ᠭᠠᠵᠠᠷ ᠵᠦᠢ ᠶᠢᠨ ᠲᠡᠮᠳᠡᠭ ᠢᠶᠠᠷ ᠡᠷᠬᠡᠨ ᠳᠤ ᠬᠠᠯᠳᠠᠭᠰᠠᠨ ᠬᠠᠤᠯᠢ ᠠᠴᠠ ᠵᠥᠷᠢᠴᠡᠭᠰᠡᠨ | ᠠᠵᠢᠯᠯᠠᠭ᠎ᠠ᠃ ᠭᠠᠵᠠᠷ ᠵᠦᠶ ᠶᠢᠨ ᠲᠡᠮᠳᠡᠭ ᠤᠨ ᠨᠡᠷᠡᠶᠢᠳᠦᠯ ᠵᠢᠴᠢ ᠭᠠᠵᠠᠷ ᠵᠦᠶ ᠶᠢᠨ ᠲᠡᠮᠳᠡᠭ ᠤᠨ ᠪᠦᠲᠦᠭᠡᠭᠳᠡᠬᠦᠨ ᠤ | ᠲᠤᠰᠬᠠᠶ ᠲᠡᠮᠳᠡᠭ᠂ ᠭᠠᠵᠠᠷ ᠵᠦᠶ ᠶᠢᠨ ᠲᠡᠮᠳᠡᠭ ᠤᠨ ᠭᠡᠷᠡᠴᠢᠯᠡᠯ ᠤᠨ ᠲᠠᠸᠠᠷ ᠤᠨ ᠲᠡᠮᠳᠡᠭ᠂ ᠬᠠᠮᠲᠤ ᠶᠢᠨ ᠲᠠᠸᠠᠷ ᠤᠨ | ᠲᠡᠮᠳᠡᠭ ᠢ ᠳᠤᠷ᠎ᠠ ᠪᠠᠷ ᠢᠶᠠᠨ ᠬᠡᠷᠡᠭᠯᠡᠭᠰᠡᠨ ᠪᠤᠶᠤ ᠬᠠᠭᠤᠷᠮᠠᠭᠯᠠᠨ ᠵᠣᠬᠢᠶᠠᠭᠰᠠᠨ ᠦᠢᠯᠡ ᠠᠵᠢᠯᠯᠠᠭ᠎ᠠ︔ ᠲᠤᠰᠬᠠᠶ | ᠲᠡᠮᠳᠡᠭ ᠢ ᠲᠣᠭᠲᠠᠭᠠᠯ ᠶᠣᠰᠣᠭᠠᠷ ᠳᠠᠷᠤᠮᠠᠯᠯᠠᠨ ᠵᠣᠬᠢᠶᠠᠭᠰᠠᠨ ᠥᠬᠡᠶ ᠵᠡᠷᠭᠡ ᠬᠠᠤᠯᠢ ᠠᠴᠠ ᠵᠥᠷᠢᠴᠡᠭᠰᠡᠨ ᠦᠢᠯᠡ | ᠠᠵᠢᠯᠯᠠᠭ᠎ᠠ᠃ | ︵ᠲᠠᠪᠤ︶ ᠣᠨᠴᠠᠭᠠᠢ ᠲᠡᠮᠳᠡᠭ ᠤᠨ ᠡᠷᠬᠡ ᠳᠤ ᠬᠠᠯᠳᠠᠭᠰᠠᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ᠃ | ᠵᠥᠪᠰᠢᠶᠡᠷᠡᠯ ᠣᠯᠤᠭᠰᠠᠨ ᠦᠭᠡᠶ ᠪᠠᠷ ᠲᠠᠸᠠᠷ ᠪᠤᠶᠤ ᠬᠤᠳᠠᠯᠳᠤᠭᠠᠨ ᠤ ᠠᠵᠢᠯᠯᠠᠭ᠎ᠠ ᠳᠤᠮᠳᠠ ᠣᠯᠢᠮᠫᠢᠺ ᠤᠨ | ᠨᠡᠷᠡᠶᠢᠳᠦᠯ᠂ ᠴᠤᠭᠯᠠᠭᠠᠨ ᠤ ᠰᠦᠯᠳᠡ᠂ ᠥᠯᠵᠡᠶᠢᠲᠦ ᠪᠤᠳᠠᠰ ᠵᠡᠷᠭᠡ ᠣᠨᠴᠠᠭᠠᠢ ᠲᠡᠮᠳᠡᠭ ᠢ ᠬᠠᠤᠯᠢ ᠠᠴᠠ ᠵᠦᠷᠢᠴᠡᠨ | ᠬᠡᠷᠡᠭᠯᠡᠭᠰᠡᠨ ᠦᠢᠯᠡ ᠠᠵᠢᠯᠯᠠᠭ᠎ᠠ᠃ | ᠬᠤᠶᠠᠷ᠂ ᠰᠦᠪᠡᠭᠴᠢ ᠬᠠᠩᠭᠠᠬᠤ ᠱᠠᠭᠠᠷᠳᠠᠯᠭ᠎ᠠ | ᠰᠦᠪᠡᠭᠴᠢ ᠶᠢᠨ ᠮᠠᠲ᠋ᠧᠷᠢᠶᠠᠯ ᠬᠠᠩᠭᠠᠬᠤ ᠳᠤ ᠡᠷᠬᠡᠪᠰᠢ ᠪᠦᠬᠦ ᠲᠠᠯ᠎ᠠ ᠪᠠᠷ ᠨᠠᠷᠢᠨ ᠪᠣᠳᠠᠲᠠᠢ ᠪᠠᠶᠢᠵᠤ᠂ | ᠬᠠᠷᠢᠯᠴᠠᠬᠤ ᠠᠷᠭ᠎ᠠ ᠮᠠᠶ᠋ᠢᠭ ᠨᠢ ᠦᠨᠡᠨ ᠪᠣᠳᠠᠲᠠᠢ ᠪᠥᠭᠡᠳ ᠪᠦᠲᠦᠮᠵᠢᠲᠡᠢ ᠪᠠᠶᠢᠵᠤ᠂ ᠰᠢᠢᠳᠪᠦᠷᠢᠯᠡᠭᠰᠡᠨ ᠪᠠᠶᠢᠳᠠᠯ ᠢ | ᠬᠠᠷᠢᠭᠤ ᠲᠤᠰᠬᠠᠬᠤ ᠳᠤ ᠲᠦᠬᠦᠮ ᠪᠣᠯᠭᠠᠬᠤ ᠬᠡᠷᠡᠭᠲᠡᠢ᠃ | ᠭᠤᠷᠪᠠ᠂ ᠰᠦᠪᠡᠭᠴᠢ ᠴᠤᠭᠯᠠᠭᠤᠯᠬᠤ ᠴᠠᠭ | 2025 ᠣᠨ ᠤ 2 ᠰᠠᠷ᠎ᠠ ᠶᠢᠨ 17 ᠤ ᠡᠳᠦᠷ ᠠᠴᠠ 2025 ᠣᠨ ᠤ 12 ᠰᠠᠷ᠎ᠠ ᠶᠢᠨ 31 ᠤ ᠡᠳᠦᠷ | ᠪᠣᠯᠲᠠᠯ᠎ᠠ | ᠳᠥᠷᠪᠡ᠂ ᠢᠯᠡᠴᠢᠯᠡᠨ ᠮᠡᠳᠡᠭᠦᠯᠵᠦ ᠵᠠᠭᠠᠯᠳᠤᠬᠤ ᠠᠷᠭ᠎ᠠ ᠵᠠᠮ | ︵ᠨᠢᠭᠡ︶ ᠢᠯᠡᠴᠢᠯᠡᠨ ᠮᠡᠳᠡᠭᠦᠯᠵᠦ ᠵᠠᠭᠠᠯᠳᠤᠬᠤ ᠤᠲᠠᠰᠤ᠄ ︵0474︶ 12345᠂ 12315 | ︵ᠬᠤᠶᠠᠷ︶ ᠤᠯᠠᠭᠠᠨᠴᠠᠪ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ︶ ᠶᠢᠨ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠰᠠᠯᠠᠭ᠎ᠠ᠂ ᠬᠠᠷᠢᠶ᠎ᠠ ᠣᠷᠣᠨ ᠤ ᠳᠣᠲᠣᠷᠠᠬᠢ ᠡᠯ᠎ᠡ ᠬᠤᠰᠢᠭᠤ ᠰᠢᠶᠠᠨ | ᠬᠤᠲᠠ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ︶ ᠮᠡᠳᠡᠯᠭᠡ ᠶᠢᠨ ᠥᠮᠴᠢ ᠶᠢᠨ ᠡᠷᠬᠡ ᠶᠢᠨ ᠲᠠᠰᠤᠭ ᠲᠤ | ᠬᠦᠷᠴᠦ ᠰᠢᠭᠤᠳ ᠢᠯᠡᠴᠢᠯᠡᠨ ᠮᠡᠳᠡᠭᠦᠯᠵᠦ ᠪᠣᠯᠣᠨ᠎ᠠ᠃ | ︵ᠭᠤᠷᠪᠠ︶ ᠢᠯᠡᠴᠢᠯᠡᠨ ᠮᠡᠳᠡᠭᠦᠯᠦᠭᠰᠡᠨ ᠵᠠᠭᠠᠯᠳᠤᠯᠭ᠎ᠠ ᠶᠢᠨ ᠮᠠᠲ᠋ᠧᠷᠢᠶᠠᠯ ᠢ ᠵᠢᠨᠢᠩ ᠲᠣᠭᠤᠷᠢᠭ ᠤᠨ ᠰᠢᠨ᠎ᠡ | ᠲᠣᠭᠤᠷᠢᠭ ᠤᠨ ᠴᠠᠬᠠᠷ ᠪᠠᠷᠠᠭᠤᠨ ᠭᠠᠷᠤᠨ ᠵᠡᠭᠡᠯᠢ ᠶᠢᠨ 25 ᠳ᠋ᠤᠭᠠᠷ ᠨᠣᠮᠧᠷ ᠤᠨ ᠤᠯᠠᠭᠠᠨᠴᠠᠪ ᠬᠤᠲᠠ ᠶᠢᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢᠨ ᠬᠠᠮᠠᠭᠠᠯᠠᠯᠲᠠ ᠶᠢᠨ ᠰᠠᠯᠠᠭ᠎ᠠ ᠳᠤ ᠰᠢᠤᠳᠠᠨ ᠢᠶᠠᠷ ᠢᠯᠡᠭᠡᠬᠦ ᠪᠤᠶᠤ chenjienlz@163. | comᠢᠮᠧᠯ ᠳᠤ ᠢᠯᠡᠭᠡᠨ᠎ᠡ᠃ | | | ᠤᠯᠠᠭᠠᠨᠴᠠᠪ ᠬᠤᠲᠠ ᠶᠢᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ | 2025 ᠣᠨ ᠤ 2 ᠰᠠᠷ᠎ᠠ ᠶᠢᠨ 17 ᠤ ᠡᠳᠦᠷ | | ᠣᠷᠴᠢᠭᠤᠯᠤᠭᠴᠢ᠄ ᠭᠤᠸ᠎ᠠ | ᠬᠢᠨᠠᠭᠴᠢ᠄ ᠠᠷᠢᠭᠤᠨ |