| | ᠡᠪᠦᠯ ᠬᠠᠪᠤᠷ ᠤᠨ ᠡᠭᠡᠯᠵᠢᠨ ᠤ ᠬᠤᠭᠤᠴᠠᠭᠠᠨ ᠳᠠᠬᠢ ᠠᠮᠢᠲᠠᠨ ᠤ ᠬᠢᠵᠢᠭ ᠡᠪᠡᠳᠴᠢᠨ ᠳᠡᠯᠭᠡᠷᠡᠬᠦ ᠠᠶᠤᠯ | ᠲᠦᠭᠰᠢᠭᠦᠷᠢ ᠳᠤ ᠴᠢᠭᠯᠡᠭᠦᠯᠦᠨ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠮᠢᠲᠠᠨ ᠤ ᠬᠢᠵᠢᠭ | ᠡᠪᠡᠳᠴᠢᠨ ᠢ ᠰᠡᠷᠭᠡᠶᠢᠯᠡᠨ ᠡᠵᠡᠮᠳᠡᠬᠦ ᠲᠥᠪ ᠨᠢ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠲᠠᠷᠢᠶᠠᠯᠠᠩ ᠮᠠᠯ | ᠠᠵᠤ ᠠᠬᠤᠶ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠲᠠᠢ ᠬᠠᠮᠲᠤᠷᠠᠨ᠂ | ᠣᠶᠢᠷ᠎ᠠ ᠳᠤ ︽ᠮᠠᠯ ᠤᠨᠤᠭ᠎ᠠ ᠶᠢ ᠬᠠᠮᠠᠭᠠᠯᠠᠬᠤ ᠠᠮᠤᠭᠤᠯᠠᠩ 2024︾ ᠲᠤᠰᠬᠠᠶ ᠠᠵᠢᠯᠯᠠᠭ᠎ᠠ ᠶᠢ ᠡᠬᠢᠯᠡᠭᠦᠯᠵᠦ᠂ ︽ | ᠬᠢᠨᠠᠨ ᠬᠠᠮᠢᠶᠠᠷᠬᠤ + ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠤ + ᠰᠡᠷᠡᠮᠵᠢᠯᠡᠭᠦᠯᠬᠦ︾ ᠭᠤᠷᠪᠠᠨ | ᠬᠠᠮᠠᠭᠠᠯᠠᠯᠲᠠ ᠶᠢᠨ ᠵᠠᠭᠪᠤᠷ ᠢᠶᠠᠷ ᠳᠠᠮᠵᠢᠭᠤᠯᠤᠨ᠂ ᠬᠥᠮᠦᠨ ᠮᠠᠯ ᠳᠤ ᠪᠦᠷ ᠲᠤᠰᠳᠠᠭ ᠡᠪᠡᠳᠴᠢᠨ ᠢ ᠰᠡᠷᠭᠡᠶᠢᠯᠡᠬᠦ | ᠬᠠᠯᠬᠠᠪᠴᠢ ᠶᠢ ᠪᠠᠬᠢᠵᠢᠭᠦᠯᠪᠡ᠃ | ᠮᠠᠯ ᠤᠨ ᠡᠮ ᠤᠨ ᠭᠦᠢᠯᠭᠡᠭᠡᠨ ᠤ ᠬᠦᠷᠢᠶ᠎ᠡ ᠴᠠᠷᠠᠭ᠎ᠠ ᠳᠤ᠂ ᠮᠠᠯ ᠤᠨ ᠡᠮ ᠤᠨ ᠡᠵᠡᠩᠨᠡᠯᠲᠡ ᠶᠢᠨ ᠡᠭᠦᠳᠡᠨ | ᠳᠡᠯᠭᠡᠭᠦᠷ ᠲᠤ ᠵᠢᠭᠰᠠᠭᠠᠨ ᠪᠠᠶᠢᠴᠠᠭᠠᠯᠲᠠ ᠬᠢᠵᠦ᠂ ᠮᠠᠯ ᠤᠨ ᠠᠮᠢᠳᠤ ᠪᠣᠳᠠᠰ ᠤᠨ ᠪᠦᠲᠦᠭᠡᠭᠳᠡᠬᠦᠨ ᠤ ᠬᠦᠢᠲᠡᠨ | ᠬᠡᠯᠬᠢᠶᠡᠲᠦ ᠬᠠᠳᠠᠭᠠᠯᠠᠨ ᠲᠡᠭᠡᠭᠡᠪᠦᠷᠢᠯᠡᠭᠰᠡᠨ ᠲᠡᠮᠳᠡᠭᠯᠡᠯ᠂ ᠵᠣᠷ ᠤᠨ ᠡᠮ ᠤᠨ ᠪᠣᠷᠣᠯᠠᠭᠤᠯᠭ᠎ᠠ ᠶᠢᠨ ᠡᠬᠡ ᠳᠠᠩᠰᠠ ᠵᠢᠴᠢ | ᠬᠤᠶᠠᠷ ᠬᠡᠮᠵᠢᠯᠳᠦ ᠺᠣᠳ᠋ ᠤᠨ ᠮᠥᠷᠳᠡᠨ ᠤᠬᠤᠴᠢᠯᠠᠬᠤ ᠰᠢᠰᠲ᠋ᠧᠮ ᠤᠨ ᠠᠵᠢᠯᠯᠠᠭᠠᠨ ᠤ ᠪᠠᠶᠢᠳᠠᠯ ᠢ ᠭᠤᠤᠯᠳᠠᠯᠭ᠎ᠠ ᠲᠠᠢ | ᠬᠠᠷᠭᠤᠭᠤᠯᠤᠨ ᠪᠠᠶᠢᠴᠠᠭᠠᠪᠡ᠃ | ᠪᠷᠦ᠋ᠼᠧᠯ ᠡᠪᠡᠳᠴᠢᠨ ᠵᠡᠷᠭᠡ ᠬᠥᠮᠦᠨ ᠮᠠᠯ ᠳᠤ ᠴᠥᠮ ᠲᠤᠰᠳᠠᠭ ᠡᠪᠡᠳᠴᠢᠨ ᠢ ᠰᠡᠷᠭᠡᠶᠢᠯᠡᠨ ᠡᠵᠡᠮᠳᠡᠬᠦ ᠳᠤ | ᠴᠢᠭᠯᠡᠬᠦᠯᠦᠨ᠂ ᠠᠵᠢᠯᠲᠠᠳ ᠪᠷᠦ᠋ᠼᠧᠯ ᠡᠪᠡᠳᠴᠢᠨ ᠠᠴᠠ ᠪᠣᠯᠤᠭᠰᠠᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢᠨ | ᠬᠤᠤᠷ ᠬᠥᠨᠥᠭᠡᠯ᠂ ᠪᠷᠦ᠋ᠼᠧᠯ ᠡᠪᠡᠳᠴᠢᠨ ᠡᠭᠦᠰᠭᠡᠵᠦ ᠮᠡᠳᠡᠬᠦ ᠰᠢᠯᠲᠠᠭᠠᠨ᠂ ᠪᠷᠦ᠋ᠼᠧᠯ ᠡᠪᠡᠳᠴᠢᠨ ᠬᠠᠯᠳᠠᠪᠤᠷᠢᠯᠠᠬᠤ | ᠠᠴᠠ ᠬᠡᠷᠬᠢᠨ ᠵᠠᠶᠢᠯᠠᠰᠬᠢᠬᠤ ᠵᠡᠷᠭᠡ ᠲᠡᠵᠢᠭᠡᠨ ᠦᠷᠡᠵᠢᠭᠦᠯᠬᠦ ᠶᠠᠪᠤᠴᠠ ᠳᠤ ᠠᠩᠬᠠᠷᠬᠤ ᠵᠦᠢᠯ ᠤᠳ ᠢ ᠲᠡᠵᠢᠭᠡᠨ | ᠦᠷᠡᠵᠢᠭᠦᠯᠬᠦ ᠡᠷᠦᠬᠡ ᠳᠤ ᠤᠬᠠᠭᠤᠯᠵᠤ᠂ ᠲᠡᠵᠢᠭᠡᠨ ᠦᠷᠡᠵᠢᠭᠦᠯᠬᠦ ᠡᠷᠦᠬᠡ ᠶᠢᠨ ᠪᠷᠦ᠋ᠼᠧᠯ ᠡᠪᠡᠳᠴᠢᠨ ᠢ | ᠰᠡᠷᠭᠡᠶᠢᠯᠡᠬᠦ ᠦᠵᠡᠯ ᠤᠬᠠᠮᠰᠠᠷ ᠢ ᠴᠢᠩᠭᠠᠷᠠᠭᠤᠯᠵᠤ᠂ ᠠᠷᠠᠳ ᠲᠦᠮᠡᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ | ᠪᠠᠲᠤᠯᠠᠪᠠ᠃ | ᠣᠳᠣᠬᠠᠨ ᠤ ᠲᠣᠷᠣᠢ ᠶᠢ ᠰᠢᠯᠵᠢᠭᠦᠯᠦᠨ ᠵᠥᠭᠡᠭᠡᠪᠦᠷᠢᠯᠡᠬᠦ ᠣᠷᠭᠢᠯ ᠤᠨ ᠬᠤᠭᠤᠴᠠᠭᠠᠨ ᠳᠤ᠂ ᠭᠠᠳᠠᠷ ᠣᠷᠣᠨ ᠤ | ᠲᠣᠷᠣᠢ ᠶᠢ ᠰᠢᠯᠵᠢᠭᠦᠯᠦᠨ ᠣᠷᠣᠭᠤᠯᠬᠤ ᠶᠠᠪᠤᠳᠠᠯ ᠣᠯᠠᠰᠢᠷᠠᠵᠤ᠂ ᠪᠠᠭ᠎ᠠ ᠯᠠ ᠪᠤᠯᠭᠤᠮᠵᠢ ᠦᠬᠡᠢ ᠪᠠᠶᠢᠪᠠᠯ ᠬᠢᠵᠢᠭ | ᠡᠪᠡᠳᠴᠢᠨ ᠲᠡᠯᠭᠡᠷᠡᠬᠦ ᠪᠤᠯᠤᠨ᠎ᠠ᠂ ᠠᠵᠢᠯᠲᠠᠳ ᠲᠡᠵᠢᠭᠡᠨ ᠦᠷᠡᠵᠢᠭᠦᠯᠬᠦ ᠡᠷᠦᠬᠡ ᠳᠤ ︽ᠠᠮᠤᠷ ᠲᠦᠪᠰᠢᠨ ᠢᠶᠠᠷ | ᠦᠷ᠎ᠡ ᠣᠷᠣᠭᠤᠯᠬᠤ ᠵᠦᠭᠯᠡᠭᠦᠷ︾ ᠢ ᠲᠠᠷᠬᠠᠭᠠᠬᠤ ᠶᠢᠨ ᠬᠠᠮᠲᠤ ᠲᠡᠵᠢᠭᠡᠨ ᠦᠷᠡᠵᠢᠭᠦᠯᠬᠦ ᠡᠷᠦᠬᠡ ᠶᠢ ᠬᠥᠲᠥᠯᠥᠨ | ᠵᠢᠯᠣᠭᠤᠳᠴᠤ ᠪᠠᠶᠢᠭᠠᠳ ᠠᠯᠢ ᠴᠢᠳᠠᠬᠤ ᠪᠠᠷ ᠲᠣᠰ ᠭᠠᠵᠠᠷ ᠤᠨ ᠳᠤᠷᠤᠢ ᠬᠤᠳᠠᠯᠳᠤᠨ ᠠᠪᠴᠦ᠂ ᠭᠠᠳᠠᠷ ᠣᠷᠣᠨ ᠤ | ᠲᠣᠷᠣᠢ ᠶᠢ ᠬᠤᠳᠠᠯᠳᠤᠨ ᠠᠪᠬᠤ ᠠᠴᠠ ᠵᠠᠶᠢᠯᠠᠰᠬᠢᠵᠦ᠂ ︽ᠬᠤᠶᠠᠷ ᠢ ᠪᠠᠶᠢᠴᠠᠭᠠᠬᠤ ᠬᠤᠶᠠᠷ ᠢ ᠦᠯᠦ ᠪᠠᠶᠢᠴᠠᠭᠠᠬᠤ︾ | ᠵᠠᠷᠴᠢᠮ ᠢ ᠲᠣᠳᠣᠷᠬᠠᠶᠢᠯᠠᠪᠠ᠄ ᠦᠯᠦ ᠬᠠᠯᠳᠠᠭᠠᠬᠤ ᠴᠢᠬᠢᠨ ᠲᠡᠮᠳᠡᠭ᠂ ᠪᠠᠶᠢᠴᠠᠭᠠᠨ ᠰᠢᠯᠭᠠᠭᠰᠠᠨ ᠮᠡᠳᠡᠭᠦᠯᠦᠯᠲᠡ ᠶᠢ | ᠪᠠᠶᠢᠴᠠᠭᠠᠵᠤ᠂ ᠦᠨᠡᠮᠯᠡᠯ ᠦᠭᠡᠢ ᠲᠤᠷᠤᠭ ᠭᠠᠭ᠋ᠠᠢ᠂ ᠢᠷᠡᠯᠲᠡ ᠦᠭᠡᠢ ᠲᠡᠭᠡᠭᠡᠪᠦᠷᠢ ᠶᠢᠨ ᠲᠡᠷᠭᠡ ᠬᠥᠰᠬᠡ ᠠᠴᠠ | ᠬᠤᠳᠠᠯᠳᠤᠨ ᠠᠪᠬᠤ ᠦᠭᠡᠢ᠂ ᠬᠠᠤᠯᠢ ᠪᠤᠰᠤ ᠪᠠᠷ ᠫᠠᠨᠽᠠᠯᠠᠨ ᠵᠥᠭᠡᠭᠡᠪᠦᠷᠢᠯᠡᠬᠦ ᠳᠤ ᠴᠢᠩᠭ᠎ᠠ ᠴᠣᠬᠢᠯᠲᠠ ᠥᠭᠴᠦ᠂ | ᠠᠮᠢᠲᠠᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠰᠠᠶᠢᠨ ᠰᠠᠶᠢᠬᠠᠨ ᠪᠠᠶᠢᠳᠠᠯ ᠢ ᠦᠨᠡᠨᠬᠦ ᠪᠠᠲᠤᠯᠠᠪᠠ᠃ | ᠵᠣᠬᠢᠶᠠᠭᠴᠢ᠄ ᠹᠧᠩ ᠯᠢ ᠶᠤᠸᠠᠨ ᠹᠠᠨ ᠵᠢᠶᠠ ᠸᠧᠨ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ |