ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/3/12
    3 ᠰᠠᠷ᠎ᠠ ᠶᠢᠨ 7 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠵᠧᠤ ᠺᠠᠶ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃     ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠲᠥᠪ ᠤᠨ ᠤᠯᠤᠰ ᠲᠥᠷᠥ ᠶᠢᠨ ᠲᠣᠪᠴᠢᠶᠠᠨ ᠤ ᠠᠷᠪᠠ ᠶᠢᠰᠦᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠬᠥᠭᠵᠢᠯᠲᠡ ᠪᠣᠯ ᠬᠠᠲᠠᠭᠤ ᠶᠣᠰᠣ᠂ ᠠᠮᠤᠷ ᠲᠦᠪᠰᠢᠨ ᠴᠤ ᠬᠠᠲᠠᠭᠤ ᠶᠣᠰᠣ ᠮᠥᠨ ᠭᠡᠬᠦ ᠣᠶᠢᠯᠠᠭᠠᠭᠳᠠᠬᠤᠨ ᠢ ᠪᠣᠶ ᠪᠣᠯᠭᠠᠵᠤ᠂ ᠡᠯ᠎ᠡ ᠲᠥᠷᠥᠯ ᠤᠨ ᠠᠶᠤᠯ ᠲᠦᠭᠰᠢᠭᠦᠷᠢ ᠬᠡᠮ ᠰᠣᠭᠤᠭ ᠢ ᠪᠥᠬᠦ ᠬᠦᠴᠦᠨ ᠢᠶᠠᠷ ᠢᠶᠠᠨ ᠰᠡᠷᠭᠡᠶᠢᠯᠡᠨ ᠠᠷᠢᠯᠭᠠᠵᠤ᠂ ᠨᠠᠩ ᠥᠨᠳᠥᠷ ᠲᠦᠪᠰᠢᠨ ᠪᠥᠬᠦᠶ ᠠᠮᠤᠷ ᠠᠮᠤᠭᠤᠯᠠᠩ ᠤᠯᠠᠭᠠᠨᠴᠠᠪ ᠢ ᠪᠥᠲᠥᠭᠡᠨ ᠪᠠᠶᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃     ᠬᠤᠷᠠᠯ ᠠᠴᠠ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ᠂ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ᠂ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ᠂ ᠠᠷᠠᠳ ᠤᠨ ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠡᠯ᠎ᠡ ᠨᠠᠮ ᠤᠨ ᠤᠳᠤᠷᠢᠳᠬᠤ ᠳᠤᠭᠤᠶᠢᠯᠠᠩ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠣᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠢᠴᠡᠳᠭᠡᠵᠦ᠂ ︽ᠨᠢᠭᠡ ᠭᠤᠤᠯ ᠱᠤᠭᠤᠮ ᠢ ᠲᠤᠭᠤᠰᠢᠯᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠢᠨ᠎ᠡ ᠵᠠᠮ ᠢᠶᠠᠷ ᠵᠠᠮᠨᠠᠵᠤ ᠳᠤᠮᠳᠠ ᠤᠷᠤᠰᠬᠠᠯ ᠳᠤ ᠣᠷᠣᠬᠤ︾ ᠲᠠᠯ᠎ᠠ ᠪᠠᠷ ᠨᠠᠩ ᠶᠡᠭᠡ ᠦᠷ᠎ᠡ ᠪᠦᠲᠦᠮᠵᠢ ᠤᠯᠬᠤ ᠬᠡᠷᠡᠭᠲᠡᠶ ᠭᠡᠵᠦ ᠴᠢᠬᠤᠯᠠᠴᠢᠯᠠᠪᠠ᠃     ᠬᠤᠷᠠᠯ ᠠᠴᠠ 2024 ᠣᠨ ᠤ ᠬᠤᠳᠠ ᠶᠢᠨ ᠨᠠᠮ ᠤᠨ ᠬᠤᠷᠢᠶ᠎ᠠ ᠶᠢᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠡᠯ᠎ᠡ ᠱᠠᠲᠤᠨ ᠤ ᠬᠢᠨ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠤᠨᠤᠯ ᠢᠶᠠᠷ ᠵᠡᠪᠰᠡᠭᠯᠡᠬᠦ ᠶᠢ ᠦᠷᠭᠦᠯᠵᠢᠯᠡᠨ ᠴᠢᠩᠭᠠᠳᠬᠠᠵᠤ᠂ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠬᠦᠳᠦᠯᠦᠨ ᠵᠢᠯᠣᠭᠤᠳᠴᠤ ᠪᠠᠶᠢᠭᠠᠳ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠳᠤᠮᠳᠠ ᠠᠵᠢᠯ ᠬᠢᠵᠦ ᠦᠢᠯᠡᠰ ᠪᠤᠰᠬᠠᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ ᠪᠦᠬᠦ ᠤᠯᠤᠰ᠂ ᠪᠦᠬᠦ ᠣᠷᠣᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠠᠵᠢᠯ ᠤᠨ ᠭᠤᠣᠯ ᠰᠢᠵᠢᠮ ᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ︽ᠢᠵᠢᠯ ᠲᠥᠪᠲᠦ ᠲᠣᠭᠤᠷᠢᠭ︾ ᠢ ᠰᠠᠶᠢᠲᠤᠷ ᠵᠢᠷᠤᠭᠯᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ︽ᠳᠣᠲᠣᠨᠣ ᠬᠥᠮᠦᠨ︾ ᠪᠤᠯᠵᠤ᠂ ᠲᠣᠭᠲᠠᠭᠤᠨ ᠢ ᠬᠠᠮᠠᠭᠠᠯᠠᠬᠤ ︽ᠰᠡᠷᠭᠡᠶᠢᠯᠡᠯᠲᠡ ᠶᠢᠨ ᠬᠡᠷᠡᠮ︾ ᠢ ᠪᠠᠲᠤ ᠴᠣᠭᠴᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃                                          ᠣᠷᠴᠢᠭᠤᠯᠤᠭᠴᠢ᠄ ᠭᠤᠸ᠎ᠠ                                          ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2