ᠯᠢᠶᠠᠩᠴᠧᠩ ᠰᠢᠶᠠᠨ ᠤ ᠣᠯᠠᠨ ᠰᠠᠯᠠᠭ᠎ᠠ ᠮᠥᠴᠢᠷ ᠬᠦᠴᠦᠯᠡᠨ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠠᠮᠤᠷ ᠲᠦᠪᠰᠢᠨ ᠤ ᠬᠢᠷᠢ ᠲᠦᠪᠰᠢᠨ ᠢ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2025/3/12
     ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠲᠡᠭᠦᠨ ᠤ ᠠᠮᠤᠷ ᠲᠦᠪᠰᠢᠨ ᠤ ᠤᠬᠠᠮᠰᠠᠷ ᠢ ᠨᠡᠮᠡᠭᠳᠡᠭᠦᠯᠬᠦ ᠶᠢᠨ ᠲᠦᠯᠦᠬᠡ᠂ 3 ᠰᠠᠷ᠎ᠠ ᠶᠢᠨ 11 ᠤ ᠡᠳᠦᠷ᠂ ᠯᠢᠶᠠᠩᠴᠧᠩ ᠰᠢᠶᠠᠨ ᠤ ᠣᠯᠠᠨ ᠰᠠᠯᠠᠭ᠎ᠠ ᠮᠥᠴᠢᠷ ᠬᠤᠯᠪᠣᠭᠠᠯᠠᠨ ᠬᠥᠳᠡᠯᠦᠯᠴᠡᠵᠦ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠨᠠᠶᠢᠳᠠᠨ ᠬᠠᠮᠢᠶᠠᠷᠬᠤ ᠪᠠᠶᠢᠭᠤᠯᠤᠮᠵᠢ ᠳᠤ ᠨᠢᠭᠡ ᠤᠳᠠᠭᠠᠨ ᠤ ᠲᠤᠰᠬᠠᠶ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠪᠡ᠃    ᠲᠣᠰ ᠤᠳᠠᠭᠠᠨ ᠤ ᠠᠵᠢᠯᠯᠠᠭ᠎ᠠ ᠳᠤ ᠿᠢ ᠱᠧᠩ ᠵᠢᠵᠢᠭ ᠬᠤᠭᠤᠯᠠᠨ ᠬᠡᠷ᠂ ᠴᠢ ᠬᠠᠩ ᠨᠠᠶᠢᠳᠠᠨ ᠬᠠᠮᠢᠶᠠᠷᠬᠤ ᠲᠥᠪ ᠵᠡᠷᠭᠡ ᠰᠤᠷᠭᠠᠭᠤᠯᠢ ᠶᠢᠨ ᠭᠠᠳᠠᠨᠠᠬᠢ 8 ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢ ᠪᠠᠶᠢᠴᠠᠭᠠᠵᠤ᠂ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢᠨ ᠭᠡᠷᠡᠴᠢ ᠦᠨᠡᠮᠯᠡᠯ ᠨᠢ ᠪᠦᠷᠢᠨ ᠭᠦᠢᠴᠡᠳ ᠪᠠᠶᠢᠬᠤ ᠡᠰᠡᠬᠦ᠂ ᠭᠠᠯ ᠤᠨᠲᠠᠷᠠᠭᠠᠬᠤ ᠠᠮᠤᠷ ᠲᠦᠪᠰᠢᠨ ᠤ ᠲᠠᠯ᠎ᠠ ᠪᠠᠷ ᠬᠠᠮᠢᠶ᠎ᠠ ᠪᠥᠬᠦᠶ ᠲᠣᠭᠲᠠᠭᠠᠯ ᠳᠤ ᠨᠡᠶᠢᠴᠡᠬᠦ ᠡᠰᠡᠬᠦ᠂ ᠬᠤᠭᠤᠯᠠᠨ ᠬᠡᠷ ᠤᠨ ᠠᠷᠤ ᠲᠣᠭᠤᠭᠠᠨ ᠬᠡᠷ ᠤᠨ ᠢᠳᠡᠭᠡᠨ ᠤ ᠠᠮᠤᠷ ᠲᠦᠪᠰᠢᠨ ᠪᠠᠷᠢᠮᠵᠢᠶ᠎ᠠ ᠳᠤ ᠬᠦᠷᠦᠭᠰᠡᠨ ᠡᠰᠡᠬᠦ ᠵᠡᠷᠭᠡ ᠲᠠᠯ᠎ᠠ ᠪᠠᠷ ᠪᠥᠬᠦ ᠲᠠᠯ᠎ᠠ ᠶᠢᠨ ᠪᠠᠶᠢᠴᠠᠭᠠᠯᠲᠠ ᠬᠢᠵᠦ᠂ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠡᠬᠡ ᠲᠠᠩᠰᠠ ᠪᠠᠶᠢᠭᠤᠯᠪᠠ᠃ ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠬᠡᠰᠡᠭ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢᠨ ᠬᠤᠭᠤᠯᠠᠨ ᠤ ᠪᠠᠭᠠᠵᠢ ᠬᠡᠷᠡᠭᠰᠡᠯ ᠤᠨ ᠠᠷᠢᠭᠤᠳᠬᠠᠯ ᠨᠢ ᠪᠠᠷᠢᠮᠵᠢᠶ᠎ᠠ ᠳᠤ ᠬᠦᠷᠦᠭᠰᠡᠨ ᠥᠬᠡᠶ᠂ ᠥᠯᠢᠭᠡᠷ ᠦᠯᠡᠳᠡᠭᠡᠭᠰᠡᠨ ᠴᠠᠭ ᠤᠨ ᠬᠦᠨᠳᠦ ᠨᠢ ᠪᠠᠷᠢᠮᠵᠢᠶ᠎ᠠ ᠳᠤ ᠬᠦᠷᠦᠭᠰᠡᠨ ᠥᠬᠡᠶ ᠵᠡᠷᠭᠡ ᠠᠮᠤᠷ ᠲᠦᠪᠰᠢᠨ ᠤ ᠠᠰᠠᠭᠤᠳᠠᠯ ᠳᠤ ᠴᠢᠭᠯᠡᠭᠦᠯᠦᠨ᠂ ᠪᠠᠶᠢᠴᠠᠭᠠᠬᠤ ᠠᠵᠢᠯᠲᠠᠨ ᠲᠤᠬᠠᠶ ᠶᠢᠨ ᠲᠠᠯᠠᠪᠤᠷ ᠲᠤ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠳᠤᠷᠠᠳᠴᠤ᠂ ᠬᠠᠮᠢᠶ᠎ᠠ ᠪᠥᠬᠦᠶ ᠬᠠᠷᠢᠭᠤᠴᠠᠯᠭᠠᠲᠠᠨ ᠢ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠪᠡ᠃    ᠲᠣᠰ ᠤᠳᠠᠭᠠᠨ ᠤ ᠬᠠᠮᠲᠤᠷᠠᠭᠰᠠᠨ ᠪᠠᠶᠢᠴᠠᠭᠠᠯᠲᠠ ᠶᠢᠨ ᠠᠵᠢᠯᠯᠠᠭ᠎ᠠ ᠪᠠᠷ ᠳᠡᠮᠵᠢᠨ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢᠨ ᠠᠮᠤᠷ ᠲᠦᠪᠰᠢᠨ ᠤ ᠤᠬᠠᠮᠰᠠᠷ ᠢ ᠢᠯᠡᠳᠲᠡ ᠳᠡᠭᠡᠭᠰᠢᠯᠡᠭᠦᠯᠵᠦ᠂ ᠥᠷᠭᠡᠨ ᠣᠯᠠᠨ ᠪᠠᠭᠰᠢ ᠰᠤᠷᠤᠭᠴᠢᠳ ᠲᠤ ᠨᠠᠩ ᠠᠮᠤᠷ ᠲᠦᠪᠰᠢᠨ᠂ ᠡᠷᠡᠭᠦᠯ ᠰᠠᠷᠠᠭᠤᠯ ᠰᠤᠷᠤᠯᠴᠠᠯᠭ᠎ᠠ ᠪᠠ ᠠᠮᠢᠳᠤᠷᠠᠯ ᠤᠨ ᠣᠷᠴᠢᠨ ᠲᠣᠭᠤᠷᠢᠨ ᠢ ᠪᠣᠶ ᠪᠣᠯᠭᠠᠵᠤ ᠥᠭᠴᠡᠶ᠃ ᠳᠠᠷᠠᠭᠠᠴᠢ ᠶᠢᠨ ᠠᠯᠬᠤᠮ ᠳᠤ᠂ ᠯᠢᠶᠠᠩᠴᠧᠩ ᠰᠢᠶᠠᠨ ᠤ ᠡᠯ᠎ᠡ ᠰᠠᠯᠠᠭ᠎ᠠ ᠮᠥᠴᠢᠷ ᠤᠨ ᠬᠢᠨ ᠦᠷᠭᠦᠯᠵᠢᠯᠡᠨ ᠨᠢᠭᠲᠠ ᠬᠠᠮᠲᠤᠷᠠᠯᠴᠠᠬᠤ ᠪᠠᠨ ᠪᠠᠲᠤᠯᠠᠵᠤ᠂ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠡᠯ᠎ᠡ ᠨᠠᠶᠢᠳᠠᠨ ᠬᠠᠮᠢᠶᠠᠷᠬᠤ ᠪᠠᠶᠢᠭᠤᠯᠤᠮᠵᠢ ᠶᠢᠨ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠦᠷᠭᠦᠯᠵᠢᠯᠡᠨ ᠮᠥᠷᠳᠡᠵᠦ᠂ ᠪᠤᠢ ᠪᠦᠬᠦᠢ ᠠᠮᠤᠷ ᠲᠦᠪᠰᠢᠨ ᠤ ᠬᠡᠮ ᠰᠣᠭᠤᠭ ᠤᠨ ᠠᠰᠠᠭᠤᠳᠠᠯ ᠢ ᠲᠦᠢᠯᠪᠤᠷᠢᠲᠠᠢ ᠰᠢᠢᠳᠪᠦᠷᠢᠯᠡᠬᠦ ᠶᠢ ᠪᠠᠲᠤᠯᠠᠨ᠎ᠠ᠃ ᠰᠤᠷᠭᠠᠭᠤᠯᠢ ᠶᠢᠨ ᠬᠦᠷᠢᠶ᠎ᠡ ᠵᠢᠴᠢ ᠡᠷᠬᠢᠨ ᠲᠣᠭᠤᠷᠢᠨ ᠤ ᠠᠮᠤᠷ ᠲᠦᠪᠰᠢᠨ ᠢ ᠬᠠᠮᠳᠤᠪᠡᠷ ᠬᠠᠮᠠᠭᠠᠯᠠᠵᠤ᠂ ᠬᠡᠤᠬᠡᠳ ᠤᠨ ᠡᠷᠡᠭᠦᠯ ᠢᠶᠠᠷ ᠦᠰᠦᠨ ᠪᠤᠶᠢᠵᠢᠬᠤ ᠳᠤ ᠨᠠᠩ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠵᠤ ᠥᠭᠬᠦᠨ᠎ᠡ᠃                     ᠤᠷᠴᠢᠭᠤᠯᠤᠭᠴᠢ᠄ ᠬᠦᠰᠡᠯ                     ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2