| | ᠨᠢᠭᠡ᠂ ᠲᠤᠭᠤᠷᠪᠢᠭᠰᠠᠨ ᠠᠬᠤᠶ ᠪᠠᠶᠢᠳᠠᠯ ᠵᠢᠴᠢ ᠶᠠᠪᠤᠴᠠ | ︽ᠤᠯᠠᠭᠠᠨᠴᠠᠪ ᠬᠤᠲᠠ ᠶᠢᠨ ᠰᠣᠷᠣᠭᠴᠢ ᠶᠢᠨ ᠵᠢᠵᠢᠭ ᠬᠤᠭᠤᠯᠠᠨ ᠰᠢᠷᠡᠭᠡᠨ ᠤ ᠢᠳᠡᠭᠡᠨ ᠤ ᠠᠮᠤᠷ ᠲᠦᠪᠰᠢᠨ ᠤ | ᠪᠦᠷᠢᠳᠬᠡᠨ ᠳᠠᠩᠰᠠᠯᠠᠬᠤ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ︵ᠤᠯᠠᠭᠠᠨᠴᠠᠪ ᠵᠠᠰᠠᠭ | ᠠᠯᠪᠠᠨ ᠲᠠᠷᠬᠠᠭᠠᠭᠰᠠᠨ ︹2017︺ 47 ᠳ᠋ᠤᠭᠠᠷ ᠲᠣᠭᠠᠲᠤ︶ ᠶᠢ ᠨᠢᠭᠡᠨᠲᠡ 2023 ᠣᠨ ᠳᠤ ᠬᠦᠴᠦᠨ | ᠥᠬᠡᠶ ᠪᠣᠯᠭᠠᠵᠤ᠂ ︽ᠠᠵᠢᠯ ᠲᠥᠷᠥᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ | ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠦᠢᠯᠡᠳᠪᠦᠷᠢᠯᠡᠯ | ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ︾ ᠵᠠᠷᠴᠢᠮ ᠵᠢᠴᠢ ᠥᠪᠡᠷᠲᠡᠭᠡᠨ ᠵᠠᠰᠠᠬᠤ | ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠮᠢᠶ᠎ᠠ ᠪᠥᠬᠦᠶ ᠠᠵᠢᠯ ᠤᠨ | ᠱᠠᠭᠠᠷᠳᠠᠯᠭ᠎ᠠ ᠶᠢ ᠦᠨᠳᠦᠰᠦᠯᠡᠪᠡ᠃ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢᠨ | ᠡᠵᠡᠩᠨᠡᠯᠲᠡ ᠶᠢᠨ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠬᠤ ᠶᠢᠨ ᠲᠥᠯᠥᠭᠡ᠂ ᠮᠠᠨ ᠤ ᠬᠤᠲᠠ ᠶᠢᠨ | ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢᠨ ᠪᠣᠳᠠᠲᠤ | ᠪᠠᠶᠢᠳᠠᠯ ᠲᠠᠢ ᠤᠶᠠᠯᠳᠤᠭᠤᠯᠤᠨ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ | ᠲᠦᠷᠦᠭᠦᠯᠡᠨ ︽ᠤᠯᠠᠭᠠᠨᠴᠠᠪ ᠬᠤᠲᠠ ᠶᠢᠨ ᠰᠤᠷᠤᠭᠴᠢᠳ ᠤᠨ ᠰᠤᠷᠭᠠᠭᠤᠯᠢ ᠶᠢᠨ ᠭᠠᠳᠠᠨᠠᠬᠢ ᠨᠠᠶᠢᠳᠠᠨ | ᠬᠠᠮᠢᠶᠠᠷᠤᠭᠤᠯᠬᠤ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠠᠷᠭ᠎ᠠ ︵ᠰᠠᠨᠠᠯ ᠬᠤᠷᠢᠶᠠᠬᠤ ᠨᠣᠤᠷᠠᠭ︶︾ ︵ | ᠳᠣᠷᠣᠭᠰᠢ ︽ᠬᠠᠮᠢᠶᠠᠷᠤᠯᠲᠠ ᠶᠢᠨ ᠠᠷᠭ᠎ᠠ︾ ᠭᠡᠵᠦ ᠲᠣᠪᠴᠢᠯᠠᠨ᠎ᠠ︶ ᠶᠢ ᠲᠤᠭᠤᠷᠪᠢᠪᠠ᠃ ︽ᠬᠠᠮᠢᠶᠠᠷᠤᠯᠲᠠ ᠶᠢᠨ | ᠠᠷᠭ᠎ᠠ︾ ᠨᠢ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠠ ᠬᠤᠲᠠ ᠶᠢᠨ | ᠰᠢᠭᠤᠳ ᠬᠠᠷᠢᠶ᠎ᠠ 8 ᠰᠠᠯᠠᠭ᠎ᠠ ᠮᠥᠴᠢᠷ ᠤᠨ 2 ᠡᠭᠡᠯᠵᠢ ᠶᠢᠨ ᠰᠠᠨᠠᠯ ᠢ ᠭᠦᠢᠴᠡᠳ ᠬᠤᠷᠢᠶᠠᠵᠤ᠂ ᠲᠤᠰᠬᠠᠶ | ᠮᠡᠷᠭᠡᠵᠢᠯᠲᠡᠨ ᠤ ᠬᠡᠯᠡᠯᠴᠡᠭᠡ ᠬᠢᠬᠦ ᠵᠡᠷᠭᠡ ᠲᠠᠢ ᠤᠶᠠᠯᠳᠤᠭᠤᠯᠤᠨ ᠰᠤᠳᠤᠯᠤᠨ ᠶᠠᠷᠢᠯᠴᠠᠵᠤ᠂ ᠬᠠᠷᠢᠭᠤ ᠲᠤᠰᠬᠠᠭᠰᠠᠨ | ᠰᠠᠨᠠᠯ ᠲᠠᠢ ᠤᠶᠠᠯᠳᠤᠭᠤᠯᠤᠨ ᠬᠢᠨᠠᠮᠠᠭᠠᠶ ᠵᠠᠰᠠᠪᠤᠷᠢ ᠣᠷᠣᠭᠤᠯᠤᠨ ᠲᠡᠭᠦᠯᠳᠡᠷᠵᠢᠭᠦᠯᠦᠭᠰᠡᠨ ᠪᠥᠭᠡᠳ ᠬᠠᠤᠯᠢ | ᠴᠠᠭᠠᠵᠠ ᠶᠢᠨ ᠲᠣᠪᠴᠢᠶ᠎ᠠ ᠪᠠᠷ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠬᠢᠯᠭᠡᠵᠦ᠂ ︽ᠤᠯᠠᠭᠠᠨᠴᠠᠪ | ᠬᠤᠲᠠ ᠶᠢᠨ ᠰᠤᠷᠤᠭᠴᠢᠳ ᠤᠨ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢᠨ | ᠬᠠᠮᠢᠶᠠᠷᠤᠯᠲᠠ ᠶᠢᠨ ᠠᠷᠭ᠎ᠠ ︵ᠬᠢᠨᠠᠨ ᠵᠥᠪᠯᠡᠬᠦ ᠨᠣᠤᠷᠠᠭ︶︾ ᠶᠢ ᠪᠦᠷᠢᠯᠳᠦᠭᠦᠯᠪᠡ᠃ | ᠬᠤᠶᠠᠷ᠂ ᠭᠤᠣᠯ ᠠᠭᠤᠯᠭ᠎ᠠ | ︽ᠬᠠᠮᠢᠶᠠᠷᠤᠯᠲᠠ ᠶᠢᠨ ᠠᠷᠭ᠎ᠠ︾ ᠨᠢ ᠨᠡᠶᠢᠲᠡ ᠠᠷᠪᠠ ᠶᠢᠰᠦᠳᠦᠭᠡᠷ ᠵᠦᠢᠯ ᠲᠠᠪᠢ ᠶᠢᠰᠦᠨ ᠵᠤᠷᠪᠤᠰ᠂ | ᠡᠭᠦᠨ ᠳᠤ᠄ | ᠨᠢᠭᠡᠳᠦᠭᠡᠷ ᠵᠦᠢᠯ ᠲᠣᠭᠲᠠᠭᠠᠭᠰᠠᠨ ᠠᠴᠢ ᠬᠤᠯᠪᠣᠭᠳᠠᠯ ᠵᠢᠴᠢ ᠦᠨᠳᠦᠰᠦᠯᠡᠯ ᠤᠨ ᠬᠠᠤᠯᠢ ᠴᠠᠭᠠᠵᠠ ᠬᠠᠤᠯᠢ | ᠲᠣᠭᠲᠠᠭᠠᠯ ᠵᠡᠷᠭᠡ ᠠᠭᠤᠯᠭ᠎ᠠ ᠶᠢ ᠲᠣᠳᠣᠷᠬᠠᠶᠢᠯᠠᠪᠠ︔ | ᠬᠤᠶᠠᠳᠤᠭᠠᠷ ᠵᠦᠢᠯ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢᠨ | ᠲᠣᠳᠣᠷᠬᠠᠶᠢᠯᠠᠯᠲᠠ ᠵᠢᠴᠢ ︽ᠬᠠᠮᠢᠶᠠᠷᠤᠯᠲᠠ ᠶᠢᠨ ᠠᠷᠭ᠎ᠠ︾ ᠶᠢᠨ ᠬᠡᠷᠡᠭᠯᠡᠬᠦ ᠬᠡᠪᠴᠢᠶ᠎ᠡ ᠶᠢ ᠲᠣᠳᠣᠷᠬᠠᠶᠢᠯᠠᠪᠠ︔ | ᠭᠤᠷᠪᠠᠳᠤᠭᠠᠷ ᠵᠦᠢᠯ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ | ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠪᠠ︔ | ᠳᠥᠷᠪᠡᠳᠦᠭᠡᠷ ᠵᠦᠢᠯ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢᠨ | ᠬᠠᠮᠢᠶᠠᠷᠤᠯᠲᠠ ᠶᠢᠨ ᠵᠠᠷᠴᠢᠮ ᠢ ᠲᠣᠳᠣᠷᠬᠠᠶᠢᠯᠠᠪᠠ᠂ ᠲᠤᠬᠠᠶᠢᠯᠠᠪᠠᠯ ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ ᠶᠢ | ᠬᠡᠷᠡᠭᠵᠢᠭᠦᠯᠬᠦ᠂ ᠰᠤᠷᠭᠠᠨ ᠬᠥᠮᠦᠵᠢᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠡᠷᠡᠭᠦᠯ ᠬᠠᠮᠠᠭᠠᠯᠠᠯ ᠡᠷᠡᠭᠦᠯ | ᠮᠡᠨᠳᠦ᠂ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ᠂ ᠪᠠᠴᠢᠮ ᠪᠠᠶᠢᠳᠠᠯ ᠢ ᠠᠷᠭᠠᠴᠠᠬᠤ᠂ ᠭᠠᠯ ᠤᠨᠲᠠᠷᠠᠭᠠᠬᠤ᠂ | ᠳᠣᠲᠣᠭᠠᠳᠤ ᠶᠢ ᠬᠠᠮᠠᠭᠠᠯᠠᠬᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ ᠵᠡᠷᠭᠡ ᠰᠠᠯᠠᠭ᠎ᠠ ᠮᠥᠴᠢᠷ ᠤᠳ ᠬᠠᠷᠢᠶ᠎ᠠ ᠭᠠᠵᠠᠷ ᠤᠨ ᠠᠷᠠᠳ ᠤᠨ ᠵᠠᠰᠠᠭ ᠤᠨ ᠣᠷᠳᠣᠨ ᠤ | ᠤᠳᠤᠷᠢᠳᠤᠯᠭ᠎ᠠ ᠳᠣᠤᠷ᠎ᠠ᠂ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢ ᠦᠨᠳᠦᠰᠦᠯᠡᠨ | ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠳᠤ ᠬᠢᠨᠠᠯᠲᠠ ᠲᠠᠯᠪᠢᠬᠤ ᠪᠠ ᠬᠠᠮᠢᠶᠠᠷᠬᠤ ᠶᠢ | ᠬᠠᠤᠯᠢ ᠶᠣᠰᠣᠭᠠᠷ ᠭᠦᠢᠴᠡᠳᠬᠡᠨ᠎ᠡ︔ | ᠲᠠᠪᠤ᠂ ᠵᠢᠷᠭᠤᠳᠤᠭᠠᠷ ᠵᠦᠢᠯ ᠳᠤ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢ | ᠨᠡᠭᠡᠭᠡᠨ ᠡᠷᠬᠢᠯᠡᠬᠦ ᠠᠴᠠ ᠡᠮᠦᠨᠡᠬᠢ ᠭᠠᠵᠠᠷ ᠰᠣᠩᠭᠤᠬᠤ᠂ ᠪᠠᠷᠢᠯᠭ᠎ᠠ ᠶᠢᠨ ᠠᠮᠤᠷ ᠲᠦᠪᠰᠢᠨ ᠤ ᠦᠨᠳᠦᠰᠦᠨ | ᠱᠠᠭᠠᠷᠳᠠᠯᠭ᠎ᠠ ᠶᠢ ᠲᠣᠳᠣᠷᠬᠠᠶᠢᠯᠠᠪᠠ︔ | ᠳᠣᠯᠣᠳᠤᠭᠠᠷ ᠵᠦᠢᠯ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢᠨ ᠨᠡᠭᠡᠭᠡᠨ | ᠡᠷᠬᠢᠯᠡᠭᠴᠢ ᠵᠢᠴᠢ ᠠᠵᠢᠯ ᠡᠷᠭᠢᠯᠡᠭᠰᠡᠳ ᠤᠨ ᠡᠭᠦᠷᠭᠡ ᠬᠠᠷᠢᠭᠤᠴᠠᠯᠭ᠎ᠠ ᠪᠠ ᠡᠭᠦᠷᠭᠡ ᠶᠢ ᠲᠣᠳᠣᠷᠬᠠᠶᠢᠯᠠᠪᠠ᠃ | ᠨᠠᠢᠮᠠᠳᠤᠭᠠᠷ ᠠᠴᠠ ᠠᠷᠪᠠᠨ ᠨᠢᠭᠡᠳᠦᠭᠡᠷ ᠵᠦᠢᠯ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ | ᠪᠠᠶᠢᠭᠤᠯᠤᠮᠵᠢ ᠶᠢᠨ ᠡᠵᠡᠩᠨᠡᠯᠲᠡ ᠶᠢᠨ ᠶᠠᠪᠤᠴᠠ ᠳᠠᠬᠢ ᠠᠮᠤᠷ ᠲᠦᠪᠰᠢᠨ ᠤ ᠬᠠᠮᠢᠶᠠᠷᠤᠯᠲᠠ᠂ ᠭᠠᠯ ᠤᠨᠲᠠᠷᠠᠭᠠᠬᠤ | ᠬᠠᠮᠢᠶᠠᠷᠤᠯᠲᠠ᠂ ᠢᠳᠡᠭᠡᠨ ᠤ ᠠᠮᠤᠷ ᠲᠦᠪᠰᠢᠨ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠵᠡᠷᠭᠡ ᠦᠨᠳᠦᠰᠦᠨ | ᠱᠠᠭᠠᠷᠳᠠᠯᠭ᠎ᠠ ᠶᠢ ᠲᠣᠳᠣᠷᠬᠠᠶᠢᠯᠠᠪᠠ︔ | ᠠᠷᠪᠠᠨ ᠬᠤᠶᠠᠳᠤᠭᠠᠷ ᠵᠦᠢᠯ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢᠨ | ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠵᠢᠴᠢ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ | ᠱᠠᠭᠠᠷᠳᠠᠯᠭ᠎ᠠ ᠶᠢ ᠲᠣᠳᠣᠷᠬᠠᠶᠢᠯᠠᠪᠠ︔ | ᠠᠷᠪᠠᠨ ᠭᠤᠷᠪᠠᠳᠤᠭᠠᠷ ᠵᠦᠢᠯ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢᠨ | ᠨᠡᠭᠡᠭᠡᠨ ᠡᠷᠭᠢᠯᠡᠬᠦ ᠨᠥᠬᠦᠴᠡᠯ ᠵᠢᠴᠢ ᠭᠦᠢᠴᠡᠳᠬᠡᠬᠦ ᠲᠠᠰ ᠳᠠᠷᠠᠭᠠᠯᠠᠯ ᠢ ᠲᠣᠳᠣᠷᠬᠠᠶᠢᠯᠠᠪᠠ︔ | ᠠᠷᠪᠠᠨ ᠳᠥᠷᠪᠡᠳᠦᠭᠡᠷ ᠵᠦᠢᠯ ᠠᠴᠠ ᠠᠷᠪᠠᠨ ᠨᠠᠢᠮᠠᠳᠤᠭᠠᠷ ᠵᠦᠢᠯ ᠡᠯ᠎ᠡ ᠬᠤᠰᠢᠭᠤ ᠰᠢᠶᠠᠨ ᠬᠤᠲᠠ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠪᠠ ᠬᠠᠮᠲᠤᠷᠠᠨ | ᠪᠠᠶᠢᠴᠠᠭᠠᠬᠤ ᠲᠦᠷᠢᠮ ᠢ ᠬᠠᠷᠢᠭᠤᠴᠠᠨ ᠪᠠᠶᠢᠭᠤᠯᠤᠨ ᠲᠡᠭᠦᠯᠳᠡᠷᠵᠢᠭᠦᠯᠬᠦ ᠶᠢᠨ ᠬᠠᠮᠲᠤ᠂ ᠬᠠᠮᠢᠶ᠎ᠠ ᠪᠥᠬᠦᠶ ᠡᠭᠦᠷᠭᠡ | ᠴᠢᠳᠠᠪᠤᠷᠢᠲᠤ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ | ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠵᠤ᠂ ᠠᠮᠤᠷ ᠲᠦᠪᠰᠢᠨ ᠤ ᠲᠦᠭᠰᠢᠭᠦᠷᠢ ᠶᠢᠨ ᠳᠠᠯᠳᠠ ᠬᠡᠮ ᠢ | ᠴᠠᠭ ᠲᠤᠬᠠᠶ ᠳᠤᠨᠢ ᠠᠷᠢᠯᠭᠠᠨ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ | ᠪᠠᠶᠢᠴᠠᠭᠠᠨ ᠰᠢᠢᠳᠪᠦᠷᠢᠯᠡᠬᠦ ᠶᠢᠨ ᠬᠠᠮᠲᠤ ᠵᠠᠰᠠᠭ ᠵᠠᠬᠢᠷᠭᠠᠨ ᠤ ᠰᠢᠢᠳᠬᠡᠯ ᠤᠨ ᠮᠡᠳᠡᠭᠡ ᠵᠠᠩᠭᠢ ᠶᠢ ᠴᠤᠭᠯᠠᠭᠤᠯᠤᠨ | ᠬᠠᠮᠲᠤ ᠪᠠᠷ ᠡᠳ᠋ᠯᠡᠵᠦ᠂ ᠬᠠᠮᠲᠤᠷᠠᠨ ᠵᠠᠯᠬᠠᠭᠠᠨ ᠴᠡᠭᠡᠷᠯᠡᠭᠦᠯᠬᠦ ᠶᠢ ᠬᠡᠷᠡᠭᠵᠢᠭᠦᠯᠬᠦ ᠶᠢ ᠲᠣᠳᠣᠷᠬᠠᠶᠢᠯᠠᠪᠠ᠃ | ᠠᠷᠪᠠ ᠶᠢᠰᠦᠳᠦᠭᠡᠷ ᠵᠦᠢᠯ ︽ᠬᠠᠮᠢᠶᠠᠷᠤᠯᠲᠠ ᠶᠢᠨ ᠠᠷᠭ᠎ᠠ︾ ᠶᠢ ᠬᠡᠷᠡᠭᠵᠢᠭᠦᠯᠬᠦ ᠡᠳᠦᠷ ᠬᠤᠭᠤᠴᠠᠭ᠎ᠠ ᠶᠢ | ᠲᠣᠳᠣᠷᠬᠠᠶ ᠲᠣᠭᠲᠠᠭᠠᠪᠠ᠃ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ |