3 ᠰᠠᠷ᠎ᠠ ᠶᠢᠨ 12 ᠤᠨ ᠡᠳᠦᠷ᠂ ᠮᠠᠨ ᠤ ᠬᠤᠲᠠ ᠤᠯᠠᠭᠠᠨᠴᠠᠪ ᠤᠨ ᠤᠷᠭᠤᠮᠠᠯ ᠤᠨ ᠬᠦᠷᠢᠶᠡᠯᠡᠩ ᠤᠨ | ᠠᠭᠤᠳᠠᠮ ᠲᠠᠯᠠᠪᠠᠶ ᠳᠤ 47 ᠳᠠᠬᠢ ᠮᠣᠳᠣ ᠲᠠᠷᠢᠬᠤ ᠪᠠᠶᠠᠷ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠬᠠᠭᠤᠯᠭ᠎ᠠ ᠶᠢᠨ | ᠲᠠᠪᠴᠠᠩ ᠭᠠᠷᠭᠠᠬᠤ᠂ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠰᠠᠮᠪᠠᠷ᠎ᠠ᠂ ᠤᠬᠠᠭᠤᠯᠭ᠎ᠠ ᠶᠢᠨ | ᠮᠠᠲ᠋ᠧᠷᠢᠶᠠᠯ ᠲᠠᠷᠬᠠᠭᠠᠬᠤ ᠵᠡᠷᠭᠡ ᠠᠷᠭ᠎ᠠ ᠬᠡᠯᠪᠡᠷᠢ ᠪᠠᠷ ᠤᠯᠠᠨ ᠨᠡᠶᠢᠲᠡ ᠶᠢᠨ ᠪᠦᠬᠦ ᠠᠷᠠᠳ ᠤᠨ ᠠᠯᠪᠠᠨ ᠵᠢᠷᠤᠮ ᠤᠨ | ᠮᠣᠳᠣ ᠲᠠᠷᠢᠬᠤ ᠲᠤᠬᠠᠢ ᠲᠠᠨᠢᠯᠲᠠ ᠶᠢ ᠴᠢᠨᠠᠭᠰᠢᠳᠠ ᠳᠡᠭᠡᠭᠰᠢᠯᠡᠭᠦᠯᠵᠦ᠂ ᠤᠯᠠᠨ ᠢᠶᠠᠷ ᠢᠶᠠᠨ ᠣᠷᠴᠢᠨ ᠲᠣᠭᠤᠷᠢᠨ ᠢ | ᠬᠠᠶᠢᠷᠠᠯᠠᠬᠤ᠂ ᠮᠣᠳᠣ ᠲᠠᠷᠢᠵᠤ ᠣᠶᠢᠵᠢᠭᠤᠯᠬᠤ ᠣᠶᠢᠯᠠᠭᠠᠭᠳᠠᠬᠤᠨ ᠢ ᠡᠳᠦᠷ ᠳᠤᠳᠤᠮ ᠤᠨ ᠠᠮᠢᠳᠤᠷᠠᠯ ᠳᠤ | ᠠᠪᠴᠢᠷᠠᠵᠤ᠂ ᠪᠣᠳᠠᠲᠤ ᠠᠵᠢᠯᠯᠠᠭ᠎ᠠ ᠪᠠᠷ ᠢᠶᠠᠨ ᠣᠷᠴᠢᠨ ᠲᠣᠭᠤᠷᠢᠨ ᠢ ᠬᠠᠮᠠᠭᠠᠯᠠᠬᠤ ᠣᠶᠢᠯᠠᠭᠠᠭᠳᠠᠬᠤᠨ ᠢ | ᠦᠢᠯᠡᠳᠦᠯᠭᠡᠵᠢᠭᠦᠯᠵᠦ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠮᠢᠳᠤᠷᠠᠯ ᠢ ᠰᠠᠨᠠᠭᠠᠴᠢᠯᠠᠵᠤ᠂ | ᠦᠵᠡᠰᠬᠦᠯᠡᠩᠲᠦ ᠰᠠᠶᠢᠬᠠᠨ ᠤᠯᠠᠭᠠᠨᠴᠠᠪ ᠲᠤ ᠬᠤᠪᠢ ᠨᠡᠮᠡᠷᠢ ᠪᠠᠨ ᠦᠵᠡᠭᠦᠯᠬᠦ ᠶᠢ ᠤᠷᠢᠶᠠᠯᠠᠪᠠ᠃ ᠡᠭᠦᠨ ᠤ ᠬᠠᠮᠲᠤ᠂ | ᠠᠵᠢᠯᠲᠠᠳ ᠲᠤᠬᠠᠢ ᠶᠢᠨ ᠲᠠᠯᠠᠪᠠᠢ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2025 ᠣᠨ ᠤ ︽ | ᠢᠨᠲ᠋ᠧᠷ ᠰᠦᠯᠵᠢᠶ᠎ᠡ + ᠪᠦᠬᠦ ᠠᠷᠠᠳ ᠤᠨ ᠠᠯᠪᠠᠨ ᠵᠢᠷᠤᠮ ᠤᠨ ᠮᠣᠳᠣ ᠵᠠᠶᠢᠯᠠᠬᠤ︾ ᠠᠵᠢᠯᠯᠠᠭ᠎ᠠ ᠶᠢᠨ | ᠰᠠᠨᠠᠭᠠᠴᠢᠯᠠᠭ᠎ᠠ ᠶᠢᠨ ᠪᠢᠴᠢᠭ ᠢ ᠤᠩᠰᠢᠨ ᠨᠡᠶᠢᠲᠡᠯᠡᠪᠡ᠃ | ︽ᠮᠣᠳᠣ ᠳᠠᠷᠢᠬᠤ ᠪᠠᠶᠠᠷ ᠤᠨ ᠤᠬᠠᠭᠤᠯᠭ᠎ᠠ ᠨᠢ ᠵᠥᠪᠬᠡᠨ ᠨᠢᠭᠡ ᠵᠦᠢᠯ ᠤᠨ ᠪᠣᠳᠠᠲᠠᠶ ᠠᠮᠢ ᠠᠬᠤᠶ ᠶᠢᠨ | ᠠᠵᠢᠯᠯᠠᠭ᠎ᠠ ᠪᠣᠯᠬᠤ ᠪᠠᠷ ᠪᠠᠷᠠᠬᠤ ᠥᠬᠡᠶ᠂ ᠨᠠᠩ ᠴᠤ ᠬᠥᠮᠦᠨ ᠬᠢᠭᠡᠳ ᠪᠠᠶᠢᠭᠠᠯᠢ ᠡᠶ᠎ᠡ ᠵᠣᠬᠢᠴᠠᠯ ᠲᠠᠢ ᠬᠠᠮᠲᠤ | ᠣᠷᠣᠰᠢᠬᠤ ᠣᠶᠢᠯᠠᠭᠠᠭᠳᠠᠬᠤᠨ ᠢ ᠤᠯᠠᠮᠵᠢᠯᠠᠨ ᠪᠠᠳᠠᠷᠠᠭᠤᠯᠬᠤ ᠶᠠᠪᠤᠳᠠᠯ ᠪᠣᠯᠤᠨ᠎ᠠ︾ ᠭᠡᠵᠦ ᠬᠤᠲᠠ ᠶᠢᠨ ᠤᠢ | ᠰᠢᠭᠤᠢ ᠪᠠ ᠨᠤᠲᠤᠭ ᠪᠡᠯᠴᠢᠭᠡᠷ ᠤᠨ ᠲᠣᠪᠴᠢᠶᠠᠨ ᠤ ᠬᠠᠷᠢᠭᠤᠴᠠᠯᠭᠠᠲᠠᠨ ᠲᠠᠨᠢᠯᠴᠠᠭᠤᠯᠬᠤ ᠳᠠᠭᠠᠨ᠂ ᠤᠯᠠᠨ ᠵᠢᠯ ᠤᠨ | ᠲᠤᠷᠰᠢ᠂ ᠮᠠᠨ ᠤ ᠬᠤᠲᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ | ᠰᠠᠨᠠᠭ᠎ᠠ ᠶᠢ ᠦᠢᠯᠡᠳᠦᠯᠭᠡᠵᠢᠭᠦᠯᠵᠦ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ | ᠮᠥᠨ︾ ᠭᠡᠬᠦ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠬᠤ᠂ | ᠲᠤᠬᠢᠷᠠᠮᠵᠢᠳᠠᠢ ᠭᠠᠵᠠᠷ ᠲᠤ ᠲᠤᠬᠢᠷᠠᠮᠵᠢᠳᠠᠢ ᠮᠣᠳᠣ ᠲᠠᠷᠢᠬᠤ᠂ ᠰᠢᠨᠵᠢᠯᠡᠬᠦ ᠤᠬᠠᠭᠠᠨᠴᠢ ᠪᠠᠷ ᠲᠠᠷᠢᠬᠤ ᠶᠢ ᠢᠮᠠᠭᠲᠠ | ᠪᠠᠷᠢᠮᠲᠠᠯᠠᠬᠤ ᠶᠢᠨ ᠬᠠᠮᠲᠤ ᠶᠡᠭᠡ ᠬᠡᠪᠴᠢᠶᠡᠨ ᠤ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠶᠢ | ᠥᠷᠨᠢᠭᠦᠯᠬᠦ ᠪᠠᠷ ᠳᠠᠮᠵᠢᠭᠤᠯᠵᠤ᠂ ᠤᠯᠠᠭᠠᠨᠴᠠᠪ ᠤᠨ ᠬᠤᠳᠠ ᠪᠠ ᠬᠥᠳᠡᠭᠡ ᠲᠣᠰᠬᠤᠨ ᠳᠤ ᠰᠢᠨ᠎ᠡ ᠨᠣᠭᠤᠭᠠᠨ | ᠦᠩᠭᠡ ᠶᠢ ᠨᠡᠮᠡᠷᠢᠯᠡᠵᠦ᠂ ᠠᠮᠢ ᠠᠬᠤᠢ ᠶᠢᠨ ᠣᠷᠴᠢᠨ ᠲᠣᠭᠤᠷᠢᠨ ᠢ ᠢᠯᠡᠳᠲᠡ ᠰᠠᠶᠢᠵᠢᠷᠠᠭᠤᠯᠪᠠ᠃ 2024 | ᠣᠨ ᠳᠤ᠂ ᠮᠠᠨ ᠤ ᠬᠤᠲᠠ ᠨᠡᠶᠢᠲᠡ 4.4 ᠲᠦᠮᠡ ᠭᠠᠷᠤᠶ ᠬᠥᠮᠦᠨ ᠠᠯᠪᠠᠨ ᠵᠢᠷᠤᠮ ᠤᠨ ᠮᠣᠳᠣ ᠳᠠᠷᠢᠬᠤ ᠳᠤ | ᠣᠷᠣᠯᠴᠠᠵᠤ᠂ 0.22 ᠲᠦᠮᠡᠨ ᠮᠥ ᠣᠶᠢᠵᠢᠭᠤᠯᠵᠤ᠂ 25.5 ᠲᠦᠮᠡᠨ ᠰᠠᠭᠤᠷᠢ ᠮᠣᠳᠣ ᠳᠠᠷᠢᠪᠠ ᠭᠡᠵᠡᠢ᠃ | ᠣᠶᠢᠯᠠᠭᠠᠭᠰᠠᠨ ᠢᠶᠠᠷ᠂ ᠪᠥᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠨᠢᠭᠡᠨᠲᠡ ᠮᠥᠩᠬᠡ | ᠰᠤᠪᠠᠭ APP ᠳᠤ ᠭᠠᠷᠴᠠᠢ᠂ ᠪᠥᠬᠦ ᠬᠤᠲᠠ ᠶᠢᠨ ᠥᠷᠭᠡᠨ ᠣᠯᠠᠨ ᠬᠤᠲᠠ ᠬᠥᠳᠡᠭᠡ ᠶᠢᠨ ᠺᠠᠳ᠋ᠷ ᠣᠯᠠᠨ ᠲᠦᠮᠡᠨ | ᠴᠥᠮ ︽ᠮᠥᠩᠬᠡ ᠰᠤᠪᠠᠭ︾ ᠲᠤ ᠣᠷᠣᠵᠤ᠂ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ ᠣᠷᠣᠯᠴᠠᠵᠤ | ᠪᠣᠯᠤᠨ᠎ᠠ᠃ ᠪᠥᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ | ᠬᠡᠯᠪᠡᠷᠢ ᠪᠠᠷ ᠣᠶᠢᠵᠢᠭᠤᠯᠵᠤ ᠨᠣᠭᠤᠭᠠᠷᠠᠭᠤᠯᠬᠤ᠂ ᠠᠷᠠᠴᠢᠯᠠᠨ ᠪᠤᠶᠢᠵᠢᠭᠤᠯᠬᠤ᠂ ᠲᠠᠨᠢᠵᠤ ᠠᠷᠠᠴᠢᠯᠠᠬᠤ᠂ | ᠪᠠᠶᠢᠭᠠᠯᠢ ᠶᠢᠨ ᠬᠠᠮᠠᠭᠠᠯᠠᠯᠲᠠ᠂ ᠵᠠᠰᠠᠨ ᠪᠠᠶᠢᠭᠤᠯᠬᠤ᠂ ᠡᠳ᠋ ᠪᠣᠳᠠᠰ ᠬᠠᠨᠳᠢᠪᠯᠠᠬᠤ ᠵᠡᠷᠭᠡ ᠶᠢ ᠪᠠᠭᠲᠠᠭᠠᠵᠤ᠂ ᠡᠲᠡᠭᠡᠷ | ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠬᠥᠮᠦᠨ ᠪᠦᠷᠢ 3 - 5 ᠰᠠᠭᠤᠷᠢ ᠮᠣᠳᠣ ᠳᠠᠷᠢᠬᠤ | ᠡᠭᠦᠷᠭᠡ ᠶᠢ ᠨᠤᠭᠤᠯᠤᠨ ᠪᠤᠳᠤᠵᠤ᠂ ᠪᠥᠬᠦ ᠬᠤᠲᠠ ᠳᠤ ᠬᠠᠮᠤᠭ ᠤᠨ ᠠᠷᠪᠢᠨ ᠳᠠᠭᠠᠨ ᠠᠯᠪᠠᠨ ᠵᠢᠷᠤᠮ ᠤᠨ ᠮᠣᠳᠣ | ᠳᠠᠷᠢᠬᠤ ᠡᠭᠦᠷᠭᠡ ᠶᠢ 10 ᠲᠦᠮᠡᠨ ᠰᠠᠭᠤᠷᠢ ᠨᠤᠭᠤᠯᠤᠨ ᠪᠤᠳᠤᠵᠤ ᠪᠣᠯᠤᠨ᠎ᠠ᠃ | ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠬᠠᠷᠢᠭᠤᠴᠠᠯᠭᠠᠲᠠᠨ | ᠢᠯᠡᠷᠬᠡᠶᠢᠯᠡᠬᠦ ᠳᠡᠭᠡᠨ᠂ ᠲᠣᠰ ᠲᠣᠪᠴᠢᠶ᠎ᠠ ᠦᠳᠲᠡᠷ ᠲᠦᠷᠭᠡᠨ ᠬᠥᠳᠡᠯᠦᠯᠴᠡᠵᠦ᠂ ᠨᠢᠭᠡ ᠰᠡᠳᠬᠢᠯ ᠨᠢᠭᠡ ᠵᠣᠷᠢᠭ ᠢᠶᠠᠷ | ᠨᠣᠭᠤᠭᠠᠷᠠᠭᠤᠯᠵᠤ᠂ ᠨᠠᠷᠢᠨ ᠨᠢᠮᠪᠠᠶ ᠬᠠᠮᠠᠭᠠᠯᠠᠨ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ ᠪᠥᠬᠦ ᠠᠷᠠᠳ ᠤᠨ | ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ ᠢᠳᠡᠪᠬᠢᠲᠡᠶ ᠣᠷᠣᠯᠴᠠᠵᠤ᠂ ᠨᠣᠭᠤᠭᠠᠷᠠᠭᠤᠯᠵᠤ ᠬᠠᠮᠠᠭᠠᠯᠠᠬᠤ | ᠬᠠᠷᠢᠭᠤᠴᠠᠯᠭ᠎ᠠ ᠪᠠᠨ ᠬᠠᠮᠲᠤ ᠪᠠᠷ ᠭᠦᠢᠴᠡᠳᠭᠡᠵᠦ᠂ ᠦᠵᠡᠰᠬᠦᠯᠡᠩᠲᠦ ᠰᠠᠶᠢᠬᠠᠨ ᠤᠯᠠᠭᠠᠨᠴᠠᠪ ᠢ ᠬᠠᠮᠲᠤ ᠪᠠᠷ | ᠪᠥᠲᠥᠭᠡᠨ ᠪᠠᠶᠢᠭᠤᠯᠤᠨ᠎ᠠ ᠭᠡᠵᠡᠶ᠃ | ᠣᠷᠴᠢᠭᠤᠯᠤᠭᠴᠢ᠄ ᠭᠤᠸ᠎ᠠ | ᠬᠢᠨᠠᠭᠴᠢ᠄ ᠠᠷᠢᠭᠤᠨ |