| | ᠤᠶᠢᠷ᠎ᠠ ᠶᠢᠨ ᠡᠳᠦᠷ᠂ ᠪᠦᠬᠦ ᠤᠯᠤᠰ ᠤᠨ ᠬᠡᠪᠴᠢᠶᠡᠨ ᠳᠣᠲᠣᠷᠠᠬᠢ ᠭᠠᠷ ᠤᠲᠠᠰᠤ᠂ ᠬᠠᠪᠲᠠᠭᠠᠢ ᠺᠣᠮᠫᠢᠦ᠋ᠲ᠋ᠧᠷ᠂ | ᠤᠶᠤᠨᠲᠤ ᠭᠠᠷ ᠴᠠᠭ ᠵᠡᠷᠭᠡ ᠡᠯᠧᠺᠲᠷᠤᠨ ᠦᠢᠯᠡᠳᠬᠦᠨ ᠬᠤᠳᠠᠯᠳᠤᠨ ᠠᠪᠬᠤ ᠰᠢᠨ᠎ᠡ ᠨᠥᠬᠦᠪᠥᠷᠢ ᠶᠢᠨ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠳᠠᠭᠠᠯᠳᠤᠨ᠂ ᠹᠧᠩᠵᠧᠨ ᠬᠤᠲᠠ ᠶᠢᠨ ᠡᠯ᠎ᠡ ᠲᠣᠮᠣ ᠬᠤᠳᠠᠯᠳᠤᠭᠠᠨ ᠤ | ᠲᠠᠯᠠᠪᠤᠷ ᠤᠨ ᠬᠡᠷᠡᠭᠯᠡᠭᠴᠢᠳ ᠬᠡᠷ ᠤᠨ ᠴᠠᠬᠢᠯᠭᠠᠨ ᠬᠡᠷᠡᠭᠰᠡᠯ ᠪᠣᠯᠤᠨ ᠪᠤᠰᠤᠳ ᠡᠯᠧᠺᠲᠷᠤᠨ ᠦᠢᠯᠡᠳᠬᠦᠨ ᠢ | ᠰᠢᠨᠡᠳᠬᠡᠬᠦ ᠬᠠᠯᠠᠭᠤᠨ ᠥᠷᠨᠢᠯᠲᠡ ᠳᠠᠬᠢᠨᠲᠠ ᠭᠠᠷᠪᠠ᠃ | ᠭᠡᠷ ᠤᠨ ᠴᠠᠬᠢᠯᠭᠠᠨ ᠬᠡᠷᠡᠭᠰᠡᠯ ᠠᠴᠠ ᠭᠠᠳᠠᠨ᠎ᠠ ᠬᠠᠪᠲᠠᠭᠠᠢ ᠺᠣᠮᠫᠢᠦ᠋ᠲ᠋ᠧᠷ ᠪᠠ ᠭᠠᠷ ᠤᠲᠠᠰᠤ ᠳᠤ ᠴᠤ ᠨᠥᠬᠦᠪᠥᠷᠢ | ᠣᠯᠭᠤᠬᠤ ᠤᠤ︖ ︽︿ᠤᠯᠤᠰ ᠤᠨ ᠨᠥᠬᠦᠪᠥᠷᠢ﹀ ᠤᠨ ᠬᠠᠷᠠᠭᠠᠯᠵᠠᠯ ᠤᠨ ᠳᠠᠷᠠᠭ᠎ᠠ᠂ ᠳᠡᠭᠡᠳᠦ ᠳᠡᠰ ᠤᠨ | ᠡᠯᠧᠺᠲᠷᠣᠨ ᠦᠢᠯᠡᠳᠬᠦᠨ ᠢ ᠬᠤᠳᠠᠯᠳᠤᠨ ᠠᠪᠬᠤ ᠳᠤ ᠨᠡᠩ ᠳᠤᠬᠢᠷᠠᠪᠡ᠃ ᠬᠡᠷ ᠤᠨ ᠴᠠᠬᠢᠯᠭᠠᠨ ᠬᠡᠷᠡᠭᠰᠡᠯ ᠤᠨ ᠵᠠᠬ᠎ᠠ | ᠳᠡᠯᠭᠡᠭᠦᠷ ᠲᠤ ᠣᠷᠣᠬᠤ ᠳᠤ᠂ ᠡᠯ᠎ᠡ ᠲᠥᠷᠥᠯ ᠤᠨ ᠬᠡᠷ ᠤᠨ ᠴᠠᠬᠢᠯᠭᠠᠨ ᠬᠡᠷᠡᠭᠰᠡᠯ ᠤᠨ ᠦᠢᠯᠡᠳᠬᠦᠨ ᠨᠢᠳᠦ | ᠳᠦᠭᠦᠷᠡᠩ ᠬᠠᠷᠠᠭᠳᠠᠵᠤ᠂ ᠣᠷᠣᠬᠤ ᠡᠭᠦᠳᠡ᠂ ᠳᠡᠯᠭᠡᠨ ᠦᠵᠡᠭᠦᠯᠬᠦ ᠲᠠᠪᠴᠠᠩ ᠪᠠ ᠵᠣᠭᠤᠰ ᠬᠤᠷᠢᠶᠠᠬᠤ ᠲᠠᠪᠴᠠᠩ | ᠵᠡᠷᠭᠡ ᠪᠠᠶᠢᠷᠢᠨ ᠳᠤ ᠴᠥᠮ ︽ᠬᠠᠭᠤᠴᠢᠨ ᠢᠶᠠᠷ ᠰᠢᠨ᠎ᠡ ᠶᠢ ᠰᠣᠯᠢᠬᠤ︾ ᠤᠬᠠᠭᠤᠯᠭ᠎ᠠ ᠶᠢᠨ ᠲᠡᠮᠳᠡᠭ ᠨᠠᠭᠠᠵᠤ᠂ | ᠴᠥᠭᠡᠨ ᠪᠤᠰᠤ ᠬᠡᠷᠡᠭᠯᠡᠭᠴᠢᠳ ᠤᠨ ᠠᠰᠠᠭᠤᠨ ᠯᠠᠪᠯᠠᠬᠤ ᠪᠠ ᠰᠣᠩᠭᠤᠨ ᠬᠤᠳᠠᠯᠳᠤᠨ ᠠᠪᠬᠤ ᠶᠢ ᠳᠠᠳᠠᠪᠠ᠃ | ︽6000 ᠲᠥᠭᠦᠷᠢᠭ ᠠᠴᠠ ᠳᠣᠷᠣᠭᠰᠢᠬᠢ ᠭᠠᠷ ᠤᠲᠠᠰᠤ᠂ ᠤᠶᠤᠨᠲᠤ ᠭᠠᠷ ᠴᠠᠭ᠂ ᠬᠠᠪᠲᠠᠭᠠᠶ ᠺᠣᠮᠫᠢᠦ᠋ᠲ᠋ᠧᠷ | ᠢ 15% ᠨᠦᠬᠦᠪᠦᠷᠢᠯᠡᠵᠤ᠂ ᠬᠠᠮᠤᠭ ᠤᠨ ᠥᠨᠳᠥᠷ ᠲᠡᠭᠡᠨ 500 ᠲᠥᠭᠦᠷᠢᠭ᠂ ᠲᠧᠯᠸᠢᠰ ᠺᠣᠮᠫᠢᠦ᠋ᠲ᠋ᠧᠷ ᠢ 20% | ᠨᠦᠬᠦᠪᠦᠷᠢᠯᠡᠵᠤ᠂ ᠬᠠᠮᠤᠭ ᠤᠨ ᠥᠨᠳᠥᠷ ᠲᠡᠭᠡᠨ 1000 ᠲᠥᠭᠦᠷᠢᠭ︾᠃ ᠬᠤᠸᠠ ᠸᠧᠢ ᠳᠡᠯᠭᠡᠭᠦᠷ ᠤᠨ | ᠲᠤᠷᠰᠢᠯᠲᠠ ᠶᠢᠨ ᠵᠥᠪᠯᠡᠭᠴᠢ ᠸᠠᠩ ᠯᠢ ᠹᠠᠩ ᠲᠠᠨᠢᠯᠴᠠᠭᠤᠯᠬᠤ ᠳᠠᠭᠠᠨ᠂ ᠤᠯᠤᠰ ᠤᠨ ᠨᠥᠬᠦᠪᠥᠷᠢ ᠶᠢᠨ ᠲᠥᠷᠥ ᠶᠢᠨ | ᠪᠣᠳᠣᠯᠭ᠎ᠠ ᠶᠢ ᠨᠡᠶᠢᠲᠡᠯᠡᠭᠰᠡᠨ ᠠᠴᠠ ᠨᠠᠰᠢ᠂ ᠳᠡᠯᠭᠡᠭᠦᠷ ᠤᠨ ᠪᠣᠷᠣᠯᠠᠭᠤᠯᠤᠯᠲᠠ ᠶᠢᠨ ᠬᠡᠮᠵᠢᠶ᠎ᠡ ᠢᠯᠡᠳᠲᠡ ᠨᠡᠮᠡᠭᠳᠡᠭᠰᠡᠨ | ᠪᠥᠭᠡᠳ ᠳᠡᠭᠡᠳᠦ ᠲᠡᠰ ᠤᠨ ᠭᠠᠷ ᠤᠲᠠᠰᠤᠨ ᠤ ᠪᠣᠷᠣᠯᠠᠭᠤᠯᠭ᠎ᠠ ᠶᠢᠨ ᠬᠡᠮᠵᠢᠶ᠎ᠡ ᠶᠢ ᠲᠠᠶᠢᠴᠢᠯᠠᠵᠠᠢ᠃ | ᠰᠤᠷᠪᠤᠯᠵᠢᠯᠠᠭᠴᠢ ᠤᠯᠠᠭᠠᠨᠴᠠᠪ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠠᠴᠠ | ᠣᠶᠢᠯᠠᠭᠠᠭᠰᠠᠨ ᠢᠶᠠᠷ᠂ 2025 ᠣᠨ ᠳᠤ ᠪᠥᠬᠦ ᠬᠤᠲᠠ ᠶᠢᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ | ᠬᠤᠳᠠᠯᠳᠤᠭᠰᠠᠨ ᠪᠥᠬᠦ ᠲᠤᠭ᠎ᠠ ᠶᠢ 269 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ | ᠬᠤᠭᠤᠴᠠᠭᠠᠨ ᠤ ᠬᠢ ᠠᠴᠠ 4% ᠠᠴᠠ ᠳᠡᠭᠡᠭᠰᠢ ᠨᠡᠮᠡᠭᠳᠡᠭᠦᠯᠬᠦ ᠪᠠᠷ ᠴᠢᠷᠮᠠᠶᠢᠵᠤ ᠪᠠᠶᠢᠨ᠎ᠠ᠃ ᠪᠥᠬᠦ ᠵᠢᠯ ᠤᠨ ᠰᠢᠷᠢᠰ | ᠠᠵᠢᠯᠯᠠᠭ᠎ᠠ ᠪᠠᠷ ᠳᠠᠮᠵᠢᠭᠤᠯᠤᠨ ᠬᠡᠷᠡᠭᠯᠡᠭᠡᠨ ᠤ ᠶᠡᠷᠦᠩᠬᠡᠶ ᠬᠡᠮᠵᠢᠶ᠎ᠡ ᠶᠢ 14.8 ᠳ᠋ᠦᠩᠰᠢᠭᠤᠷ ᠲᠥᠭᠦᠷᠢᠭ | ᠳᠠᠶᠢᠴᠢᠯᠠᠵᠤ᠂ ᠡᠭᠦᠨ ᠳᠤ ︽ᠬᠠᠭᠤᠴᠢᠨ ᠢᠶᠠᠷ ᠰᠢᠨ᠎ᠡ ᠶᠢ ᠰᠣᠯᠢᠬᠤ︾ ᠨᠡᠶᠢᠭᠡᠮ ᠤᠨ ᠬᠡᠷᠡᠭᠯᠡᠭᠡᠨ ᠤ ᠵᠦᠢᠯ ᠤᠨ | ᠵᠢᠵᠢᠭᠯᠡᠨ ᠬᠤᠳᠠᠯᠳᠤᠭᠰᠠᠨ ᠶᠡᠷᠦᠩᠬᠡᠶ ᠬᠡᠮᠵᠢᠶ᠎ᠡ ᠶᠢ 8.5 ᠳ᠋ᠦᠩᠰᠢᠭᠤᠷ ᠲᠥᠭᠦᠷᠢᠭ ᠲᠠᠶᠢᠴᠢᠯᠠᠨ᠎ᠡ᠃ | ᠵᠣᠬᠢᠶᠠᠭᠴᠢ᠄ ᠼᠦᠢ ᠵᠢᠶᠦ᠋ᠨ ᠹᠧᠩ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ |