3 ᠰᠠᠷ᠎ᠠ ᠶᠢᠨ 13 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ | ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠣᠷᠣᠯᠠᠭᠴᠢ ᠬᠤᠲᠠ ᠶᠢᠨ ᠳᠠᠷᠤᠭ᠎ᠠ | ᠯᠢᠦ ᠬᠠᠶ ᠴᠢᠤᠸᠠᠨ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ | ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ | ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠰᠢᠰᠲ᠋ᠧᠮ ᠲᠠᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠬᠤᠶᠠᠷ ᠢ | ᠲᠣᠭᠲᠠᠭᠠᠭᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠬᠤᠶᠠᠷ ᠶᠡᠭᠡ | ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠤᠯᠤᠰ ᠲᠦᠷᠦ ᠶᠢᠨ ᠴᠢᠭᠯᠡᠯ ᠢ ᠢᠮᠠᠭᠲᠠ ᠪᠠᠲᠤ | ᠡᠵᠡᠮᠳᠡᠵᠦ᠂ ᠨᠠᠮ ᠳᠠᠭᠠᠨ ᠲᠦᠢᠯ ᠤᠨ ᠦᠨᠡᠨᠴᠢ ᠰᠢᠳᠤᠷᠭᠤ ᠪᠠᠶᠢᠬᠤ ᠶᠢ ᠪᠠᠷᠢᠮᠲᠠᠯᠠᠵᠤ᠂ ᠤᠯᠤᠰ ᠲᠦᠷᠦ ᠶᠢᠨ | ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ | ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠪᠠᠶᠢᠩᠭᠤ ᠰᠤᠷᠤᠯᠴᠠᠵᠤ ᠪᠠᠶᠢᠩᠭᠤ | ᠤᠬᠠᠮᠰᠠᠷᠠᠬᠤ ᠶᠢ ᠢᠮᠠᠭᠲᠠ ᠪᠠᠷᠢᠮᠲᠠᠯᠠᠵᠤ᠂ ︽ᠨᠢᠭᠡᠳᠦᠭᠡᠷ ᠵᠥᠪᠯᠡᠬᠦ ᠰᠡᠳᠦᠪ︾ ᠤᠨ ᠳᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠰᠠᠨᠠᠭ᠎ᠠ ᠪᠠᠨ ᠨᠢᠭᠲᠠᠷᠠᠭᠤᠯᠵᠤ ᠰᠦᠭ ᠰᠦᠨᠡᠰᠦ ᠪᠠᠨ | ᠴᠣᠭᠴᠠᠯᠠᠬᠤ ᠶᠢ ᠴᠥᠬᠦᠷᠡᠰᠢ ᠦᠭᠡᠢ ᠪᠠᠷᠢᠮᠲᠠᠯᠠᠬᠤ ᠬᠡᠷᠡᠭᠲᠡᠢ᠃ ᠠᠵᠢᠯᠯᠠᠬᠤ ᠶᠢ ᠲᠡᠷᠢᠭᠦᠨ ᠳᠤ ᠲᠠᠯᠪᠢᠬᠤ ᠶᠢ | ᠢᠮᠠᠭᠲᠠ ᠪᠠᠷᠢᠮᠲᠠᠯᠠᠵᠤ᠂ ᠲᠦᠷᠦ ᠶᠢᠨ ᠪᠤᠳᠤᠯᠭ᠎ᠠ᠂ ᠲᠦᠷᠦᠯ ᠵᠦᠢᠯ᠂ ᠪᠡᠯᠡ ᠮᠥᠩᠭᠦ᠂ ᠲᠤᠷᠰᠢᠯᠲᠠ ᠶᠢᠨ ᠴᠡᠭ ᠢᠶᠠᠷ | ᠵᠢᠱᠢᠶ᠎ᠡ ᠦᠵᠡᠭᠦᠯᠬᠦ ᠶᠢ ᠢᠳᠡᠪᠬᠢᠲᠡᠢ ᠲᠡᠮᠡᠴᠡᠨ ᠣᠯᠵᠤ᠂ ᠡᠯ᠎ᠡ ᠵᠦᠢᠯ ᠤᠨ ᠠᠵᠢᠯ ᠢ ᠣᠨᠣᠪᠴᠢᠲᠠᠢ ᠰᠦᠪᠡᠭᠴᠢᠯᠡᠨ | ᠪᠣᠳᠠᠲᠠᠢ ᠬᠢᠬᠦ ᠬᠡᠷᠡᠭᠲᠡᠢ᠃ ᠢᠮᠠᠭᠲᠠ ᠵᠣᠷᠢᠭᠲᠠᠶ ᠪᠠᠷ ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ᠂ ᠵᠠᠬ᠎ᠠ | ᠳᠡᠯᠭᠡᠭᠦᠷᠴᠢᠯᠡᠭᠰᠡᠨ ᠠᠷᠭ᠎ᠠ ᠪᠠᠷᠢᠯ ᠳᠤ ᠲᠦᠰᠢᠭᠯᠡᠨ ᠠᠵᠤ ᠠᠬᠤᠶ ᠶᠢᠨ ᠬᠥᠭᠵᠢᠯᠲᠡ᠂ ᠨᠡᠶᠢᠭᠡᠮ ᠤᠨ ᠵᠠᠰᠠᠯᠲᠠ᠂ | ᠣᠯᠠᠨ ᠲᠦᠮᠡᠨ ᠳᠤ ᠦᠢᠯᠡᠴᠢᠯᠡᠬᠦ ᠬᠢᠷᠢ ᠲᠦᠪᠰᠢᠨ ᠢ ᠳᠡᠭᠡᠭᠰᠢᠯᠡᠭᠦᠯᠬᠦ ᠶᠢ ᠴᠢᠬᠤᠯᠠᠴᠢᠯᠠᠵᠤ᠂ ᠭᠤᠤᠯᠳᠠᠯᠭ᠎ᠠ ᠲᠠᠢ | ᠡᠭᠦᠷᠭᠡ ᠶᠢᠨ ᠥᠭᠡᠷᠡᠴᠢᠯᠡᠯᠲᠡ ᠶᠢᠨ ᠰᠢᠪᠲᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ᠃ ᠠᠷᠠᠳ ᠤᠨ ᠲᠥᠯᠥᠭᠡ | ᠵᠢᠳᠬᠦᠬᠦ ᠵᠣᠷᠢᠯᠲᠠ ᠶᠢ ᠢᠮᠠᠭᠲᠠ ᠪᠠᠲᠤ ᠪᠤᠢ ᠪᠣᠯᠭᠠᠵᠤ᠂ ᠠᠷᠠᠳ ᠢ ᠪᠠᠶᠠᠵᠢᠭᠤᠯᠬᠤ ᠪᠤᠳᠤᠯᠭ᠎ᠠ ᠶᠢ ᠢᠯᠡᠭᠦᠬᠡᠨ | ᠰᠦᠪᠡᠭᠴᠢᠯᠡᠵᠦ᠂ ᠠᠷᠠᠳ ᠲᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠶᠢ ᠢᠯᠡᠭᠦᠬᠡᠨ ᠬᠡᠷᠡᠭᠯᠡᠵᠦ᠂ ᠠᠷᠠᠳ ᠤᠨ | ᠠᠮᠢᠳᠤᠷᠠᠯ ᠤᠨ ᠵᠣᠪᠠᠭᠤᠷᠢ ᠶᠢ ᠢᠯᠡᠭᠦᠬᠡᠨ ᠰᠢᠢᠳᠪᠦᠷᠢᠯᠡᠵᠦ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ | ᠵᠢᠷᠭᠠᠯᠲᠤ ᠲᠦᠷᠦᠭᠳᠡᠯ ᠠᠮᠤᠷ ᠲᠦᠪᠰᠢᠨ ᠤ ᠲᠦᠷᠦᠭᠳᠡᠯ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ | ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠢᠮᠠᠭᠲᠠ ᠪᠠᠷᠢᠮᠲᠠᠯᠠᠵᠤ᠂ ᠬᠠᠤᠯᠢ ᠪᠠᠷ ᠵᠠᠰᠠᠬᠤ ᠶᠢ ᠬᠦᠨᠳᠦᠳᠬᠡᠵᠦ᠂ | ᠬᠠᠤᠯᠢ ᠴᠠᠭᠠᠵᠠ ᠶᠢ ᠬᠦᠨᠳᠦᠳᠬᠡᠵᠦ᠂ ᠡᠯ᠎ᠡ ᠲᠦᠷᠦᠯ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠬᠦ ᠬᠡᠷᠡᠭᠲᠡᠢ᠃ | ᠢᠮᠠᠭᠲᠠ ᠬᠠᠲᠠᠭᠤ ᠴᠢᠩᠭ᠎ᠠ ᠰᠤᠷᠲᠠᠯ ᠢ ᠪᠠᠷᠢᠮᠲᠠᠯᠠᠵᠤ᠂ ︽ᠳᠣᠯᠤᠭ᠎ᠠ ᠶᠢ ᠲᠠᠶᠠᠭᠳᠠᠬᠤ︾ ᠱᠠᠭᠠᠷᠳᠠᠯᠭ᠎ᠠ ᠶᠢ ᠡᠷᠡᠰ | ᠨᠠᠶᠢᠳᠠᠪᠤᠷᠢᠵᠢᠭᠤᠯᠵᠤ᠂ ᠰᠡᠳᠬᠢᠬᠦᠶ ᠶᠢ ᠲᠠᠶᠢᠯᠵᠤ᠂ ᠰᠡᠳᠬᠢᠬᠦᠶ ᠶᠢ ᠰᠢᠯᠢᠳᠡᠭᠵᠢᠭᠦᠯᠬᠦ ᠬᠡᠷᠡᠭᠲᠡᠢ᠃ ᠪᠦᠯᠬᠦᠮᠳᠡᠨ | ᠬᠠᠮᠵᠢᠯᠴᠠᠬᠤ ᠶᠢ ᠢᠮᠠᠭᠲᠠ ᠪᠠᠷᠢᠮᠲᠠᠯᠠᠵᠤ᠂ ᠤᠳᠤᠷᠢᠳᠬᠤ ᠪᠠᠭ ᠤᠨ ᠨᠢᠭᠲᠠᠷᠠᠯ ᠤᠨ ᠬᠦᠴᠦᠨ᠂ ᠲᠠᠶᠢᠴᠢᠨ ᠬᠦᠴᠦᠨ᠂ | ᠬᠡᠷᠡᠭᠵᠢᠭᠦᠯᠬᠦ ᠬᠦᠴᠦᠨ ᠢ ᠲᠠᠰᠤᠷᠠᠯᠳᠠ ᠦᠭᠡᠢ ᠴᠢᠩᠭᠠᠳᠬᠠᠬᠤ ᠬᠡᠷᠡᠭᠲᠡᠢ᠃ ᠠᠷᠢᠭᠤᠨ ᠴᠢᠬᠡᠴᠢ ᠪᠠᠷ ᠵᠠᠰᠠᠭ ᠪᠠᠷᠢᠬᠤ | ᠬᠤᠷᠢᠭ᠎ᠠ ᠱᠤᠭᠤᠮ ᠢ ᠢᠮᠠᠭᠲᠠ ᠴᠢᠩᠭ᠎ᠠ ᠰᠠᠬᠢᠵᠤ᠂ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ | ᠳᠤᠮᠳᠠ ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ᠂ ᠠᠵᠢᠯ ᠬᠢᠵᠦ ᠦᠢᠯᠡᠰ ᠪᠦᠲᠦᠭᠡᠬᠦ ᠬᠡᠷᠡᠭᠲᠡᠢ᠃ ᠢᠮᠠᠭᠲᠠ | ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠨᠢᠭᠡ ᠲᠠᠯ᠎ᠠ ᠪᠠᠷ ᠬᠥᠭᠵᠢᠯᠲᠡ ᠶᠢ | ᠠᠳᠬᠤᠵᠤ᠂ ᠨᠢᠭᠡ ᠲᠠᠯ᠎ᠠ ᠪᠠᠷ ᠠᠮᠤᠷ ᠲᠦᠪᠰᠢᠨ ᠢ ᠠᠳᠬᠤᠵᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠡᠷᠡᠰ | ᠪᠠᠲᠤ ᠰᠠᠬᠢᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠬᠢᠨᠠᠨ ᠵᠥᠪᠯᠡᠪᠡ᠃ | | ᠣᠷᠴᠢᠭᠤᠯᠤᠭᠴᠢ᠄ ᠭᠤᠸ᠎ᠠ | ᠬᠢᠨᠠᠭᠴᠢ᠄ ᠠᠷᠢᠭᠤᠨ | | |