ᠥᠪᠥᠷ ᠮᠣᠩᠭᠤᠯ ᠤᠨ ᠯᠢᠶᠠᠩᠴᠧᠩ ᠰᠢᠶᠠᠨ ᠤ ᠳᠠᠭ᠎ᠠ ᠶᠢᠨ ᠨᠠᠭᠤᠷ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠠᠩᠬᠠᠳᠠᠭᠴᠢ ᠪᠦᠯᠦᠭ ᠨᠡᠭᠦᠳᠡᠯ ᠤᠨ ᠰᠢᠪᠠᠭᠤ ᠪᠠᠨ ᠤᠭᠲᠤᠪᠠ
ᠨᠡᠶᠢᠲᠡᠯᠡᠭᠰᠡᠨ ᠴᠠᠭ᠄
2025/3/14
         ᠪᠠᠰᠠ ᠨᠢᠭᠡ ᠵᠢᠯ ᠤᠨ ᠨᠡᠭᠦᠳᠡᠯ ᠤᠨ ᠰᠢᠪᠠᠭᠤᠨ ᠤ ᠨᠡᠭᠦᠳᠡᠯᠯᠡᠬᠦ ᠤᠯᠠᠷᠢᠯ ᠪᠠᠶᠢᠵᠤ᠂ ᠠᠭᠤᠷ ᠠᠮᠢᠰᠭᠤᠯ ᠠᠭᠠᠵᠢᠮ ᠢᠶᠠᠷ ᠳᠤᠯᠠᠭᠠᠷᠠᠬᠤ ᠶᠢ ᠳᠠᠭᠠᠯᠳᠤᠨ᠂ ᠥᠪᠥᠷ ᠮᠣᠩᠭᠤᠯ ᠤᠨ ᠯᠢᠶᠠᠩᠴᠧᠩ ᠰᠢᠶᠠᠨ ᠤ ᠳᠠᠭ᠎ᠠ ᠶᠢᠨ ᠨᠠᠭᠤᠷ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠡᠨᠡ ᠵᠢᠯ ᠤᠨ ᠲᠦᠷᠦᠭᠦᠦ ᠪᠦᠯᠦᠭ ᠤᠮᠠᠷᠠᠲᠤ ᠶᠢᠨ ᠨᠡᠭᠦᠳᠡᠯ ᠤᠨ ᠰᠢᠪᠠᠭᠤ ᠶᠢ ᠤᠭᠲᠤᠨ ᠠᠪᠴᠢᠷᠠᠵᠠᠢ᠃    ᠡᠨᠡ ᠬᠡᠳᠦᠨ ᠡᠳᠦᠷ᠂ ᠠᠭᠠᠵᠢᠮ ᠢᠶᠠᠷ ᠵᠠᠳᠠᠷᠠᠨ ᠭᠡᠰᠴᠦ ᠪᠠᠶᠢᠭ᠎ᠠ ᠳᠠᠭ᠎ᠠ ᠶᠢᠨ ᠨᠠᠭᠤᠷ ᠤᠨ ᠤᠰᠤ ᠭᠢᠯᠠᠯᠵᠠᠵᠤ᠂ ᠵᠠᠭᠤ ᠭᠠᠷᠤᠢ ᠬᠤᠨ ᠭᠠᠯᠠᠭᠤ᠂ ᠪᠢᠴᠢᠬᠠᠨ ᠬᠤᠨ ᠭᠠᠯᠠᠭᠤ ᠲᠩᠷᠢ ᠠᠴᠠ ᠪᠠᠭᠤᠭᠰᠠᠨ ᠳᠠᠭᠢᠨᠢ ᠰᠢᠭ ᠢᠶᠠᠷ ᠲᠣᠯᠢ ᠮᠡᠲᠦ ᠨᠠᠭᠤᠷ ᠤᠨ ᠭᠠᠳᠠᠷᠭᠤ ᠳᠤ ᠬᠦᠪᠪᠦᠨ᠎ᠡ᠃ ᠲᠡᠳᠡ ᠵᠠᠷᠢᠮ ᠳᠠᠭᠠᠨ ᠮᠥᠷᠯᠡᠨ ᠨᠠᠭᠠᠳᠤᠵᠤ᠂ ᠪᠠᠶᠢᠨ ᠪᠠᠶᠢᠨ ᠲᠣᠯᠣᠭᠠᠢ ᠪᠥᠬᠦ᠋ᠢᠨ ᠢᠳᠡᠰᠢ ᠡᠷᠢᠵᠦ᠂ ᠵᠠᠷᠢᠮ ᠳᠠᠭᠠᠨ ᠳᠠᠯᠠᠪᠴᠢ ᠪᠠᠨ ᠳᠡᠯᠭᠡᠨ ᠥᠨᠳᠥᠷ ᠨᠢᠰᠴᠦ᠂ ᠬᠠᠶᠠ ᠪᠠᠰᠠ ᠤᠶᠠᠩᠭᠠᠯᠠᠨ ᠳᠠᠭᠤᠷᠢᠰᠴᠤ᠂ ᠪᠦᠬᠦ᠋ᠢᠯᠡ ᠨᠠᠭᠤᠷ ᠤᠨ ᠭᠠᠳᠠᠷᠭᠤ ᠴᠥᠮ ᠲᠡᠳᠡᠨ ᠤ ᠪᠠᠶᠠᠷ ᠬᠥᠷ ᠲᠠᠢ ︽ᠳᠠᠭᠤᠤ︾ ᠶᠢ ᠬᠠᠩᠭᠢᠨᠠᠭᠤᠯᠵᠤ᠂ ᠶᠠᠭ ᠯᠠ ᠡᠬᠡ ᠪᠠᠶᠢᠭᠠᠯᠢ ᠶᠢᠨ ᠡᠶ᠎ᠡ ᠵᠣᠬᠢᠴᠠᠯ ᠲᠠᠢ ᠠᠶᠠᠰ ᠬᠠᠩᠭᠢᠨᠠᠭᠰᠠᠨ ᠰᠢᠭ᠋ ᠰᠠᠨᠠᠭᠳᠠᠨ᠎ᠠ᠃     ᠳᠠᠭ᠎ᠠ ᠶᠢᠨ ᠨᠠᠭᠤᠷ ᠪᠣᠯ ᠥᠪᠥᠷ ᠮᠣᠩᠭᠤᠯ ᠤᠨ ᠭᠤᠷᠪᠠᠳᠤᠭᠠᠷ ᠶᠡᠭᠡ ᠳᠣᠲᠣᠭᠠᠳᠤ ᠬᠠᠭᠤᠷᠠᠶ ᠶᠢᠨ ᠨᠠᠭᠤᠷ ᠪᠣᠯᠬᠤ ᠪᠥᠭᠡᠳ ᠥᠪᠡᠷᠲᠡᠭᠡᠨ ᠵᠠᠰᠠᠬᠤ ᠣᠷᠣᠨ ᠤ ᠲᠠᠰ ᠤᠨ ᠨᠠᠭᠤᠷ ᠪᠦᠷᠢᠳᠦ ᠨᠤᠭᠤ ᠭᠠᠵᠠᠷ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠪᠣᠯᠤᠨ᠎ᠠ᠃ ᠣᠶᠢᠷ᠎ᠠ ᠶᠢᠨ ᠵᠢᠯ ᠳᠤ᠂ ᠯᠢᠶᠠᠩᠴᠧᠩ ᠰᠢᠶᠠᠨ ᠳᠠᠭ᠎ᠠ ᠶᠢᠨ ᠨᠠᠭᠤᠷ ᠤᠰᠤ ᠶᠢ ᠶᠡᠷᠦᠩᠬᠡᠶᠢᠯᠡᠨ ᠵᠠᠰᠠᠬᠤ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠢᠯᠡᠳᠲᠡ ᠰᠠᠶᠢᠵᠢᠷᠠᠵᠤ᠂ ᠠᠳᠡ ᠢᠷᠡᠵᠦ ᠠᠮᠢᠳᠤᠷᠠᠬᠤ ᠨᠡᠭᠦᠳᠡᠯ ᠤᠨ ᠰᠢᠪᠠᠭᠤ ᠶᠢᠨ ᠲᠥᠷᠥᠯ ᠵᠦᠢᠯ ᠪᠣᠯᠤᠨ ᠲᠤᠭ᠎ᠠ ᠬᠡᠮᠵᠢᠶ᠎ᠡ ᠢᠯᠡᠳᠲᠡ ᠨᠡᠮᠡᠭᠳᠡᠵᠦ᠂ ᠵᠠᠰᠠᠬᠤ ᠠᠴᠠ ᠡᠮᠦᠨᠡᠬᠢ 68 ᠵᠦᠢᠯ ᠪᠠᠶᠢᠭᠰᠠᠨ ᠠᠴᠠ ᠪᠠᠨ ᠣᠳᠣ 101 ᠵᠦᠢᠯ ᠪᠣᠯᠤᠨ ᠨᠡᠮᠡᠭᠳᠡᠵᠦ᠂ ᠳᠠᠭ᠎ᠠ ᠶᠢᠨ ᠨᠠᠭᠤᠷ ᠨᠢᠭᠡᠨᠲᠡ ᠬᠤᠨ ᠭᠠᠯᠠᠭᠤ ᠵᠡᠷᠭᠡ ᠮᠠᠰᠢ ᠣᠯᠠᠨ ᠨᠡᠭᠦᠳᠡᠯ ᠤᠨ ᠰᠢᠪᠠᠭᠤᠨ ᠤ ᠨᠡᠭᠦᠳᠡᠯᠯᠡᠬᠦ ᠵᠠᠮ ᠤᠨ ᠵᠠᠩᠭᠢᠯᠠᠭ᠎ᠠ ᠶᠢᠨ ︽ᠥᠷᠲᠡᠭᠡ︾ ᠪᠣᠯᠤᠭᠰᠠᠨ ᠪᠠᠶᠢᠨ᠎ᠠ᠃    ᠲᠠᠷᠠᠭᠠᠴᠢ ᠶᠢᠨ ᠠᠯᠬᠤᠮ ᠳᠤ ᠯᠢᠶᠠᠩᠴᠧᠩ ᠰᠢᠶᠠᠨ ᠲᠣᠭᠤᠷᠢᠨ ᠬᠠᠮᠠᠭᠠᠯᠠᠵᠤ ᠬᠢᠨᠠᠨ ᠬᠡᠮᠵᠢᠬᠦ ᠡᠷᠴᠢᠮ ᠢᠶᠠᠨ ᠴᠢᠩᠭᠠᠷᠠᠭᠤᠯᠵᠤ᠂ ᠨᠡᠭᠦᠳᠡᠯ ᠤᠨ ᠰᠢᠪᠠᠭᠤ ᠶᠢᠨ ᠤᠷᠤᠭᠰᠢᠲᠠᠶ ᠨᠡᠬᠦᠬᠦ ᠶᠢ ᠦᠨᠡᠨ ᠬᠦ ᠪᠠᠲᠤᠯᠠᠨ᠎ᠠ᠃                   ᠤᠷᠴᠢᠭᠤᠯᠤᠭᠴᠢ᠄ ᠬᠦᠰᠡᠯ                   ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2