ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠵᠢᠴᠢ ᠪᠦᠬᠦ ᠬᠤᠲᠠ ᠶᠢᠨ ︽ᠲᠠᠪᠤᠨ ᠶᠡᠭᠡ ᠡᠭᠦᠷᠭᠡ︾᠂ ︽ᠵᠢᠷᠭᠤᠭᠠᠨ ᠢᠨᠵᠧᠨᠧᠷᠢᠩ︾᠂ ︽ᠵᠢᠷᠭᠤᠭᠠᠨ ᠠᠵᠢᠯᠯᠠᠭ᠎ᠠ︾ ᠶᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/3/17
    3 ᠰᠠᠷ᠎ᠠ ᠶᠢᠨ 13 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠲᠠ ᠶᠢᠨ ᠳᠠᠷᠤᠭ᠎ᠠ ᠯᠢᠦ ᠬᠠᠶ ᠴᠢᠤᠸᠠᠨ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠵᠢᠴᠢ ᠪᠥᠬᠦ ᠬᠤᠲᠠ ᠶᠢᠨ ︽ᠲᠠᠪᠤᠨ ᠶᠡᠭᠡ ᠡᠭᠦᠷᠭᠡ︾᠂ ︽ᠵᠢᠷᠭᠤᠭᠠᠨ ᠢᠨᠵᠧᠨᠧᠷᠢᠩ︾᠂ ︽ᠵᠢᠷᠭᠤᠭᠠᠨ ᠠᠵᠢᠯᠯᠠᠭ᠎ᠠ︾ ᠶᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃     ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠬᠤᠶᠠᠷ ᠥᠴᠦᠬᠡᠨ ᠴᠦ ᠭᠤᠶᠢᠪᠢᠰᠢ ᠦᠭᠡᠢ︾ ᠶᠢ ᠡᠷᠡᠰ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠢ ᠳᠡᠮᠵᠢᠬᠦ ᠠᠵᠢᠯᠯᠠᠭ᠎ᠠ ᠶᠢ ᠬᠡᠷᠡᠭᠵᠢᠭᠦᠯᠬᠦ ᠪᠠᠷ ᠵᠢᠯᠣᠭᠤᠳᠤᠮᠵᠢ ᠪᠣᠯᠭᠠᠵᠤ᠂ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠠᠵᠤ ᠠᠬᠤᠶᠢᠯᠠᠯ ᠳᠤ ᠦᠢᠯᠡᠴᠢᠯᠡᠬᠦ ᠲᠦᠪᠰᠢᠨ ᠢᠶᠠᠨ ᠳᠡᠭᠡᠭᠰᠢᠯᠡᠭᠦᠯᠵᠦ᠂ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ᠃ ᠰᠢ ᠶᠢᠨ ᠫᠢᠩ ᠤᠨ ᠠᠵᠤ ᠠᠬᠤᠢ ᠶᠢᠨ ᠦᠵᠡᠯ ᠰᠠᠨᠠᠭ᠎ᠠ ᠶᠢ ᠰᠢᠰᠲ᠋ᠧᠮ ᠲᠠᠢ ᠭᠦᠨᠵᠡᠭᠡᠢ ᠰᠤᠷᠤᠯᠴᠠᠵᠤ᠂ ᠠᠵᠤ ᠠᠬᠤᠶᠢᠯᠠᠯ ᠤᠨ ᠠᠵᠢᠯᠯᠠᠭ᠎ᠠ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠪᠦᠬᠦ ᠬᠤᠳᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠦᠷᠦ ᠶᠢᠨ ᠪᠤᠳᠤᠯᠭ᠎ᠠ᠂ ᠲᠦᠷᠦᠯ ᠵᠦᠢᠯ᠂ ᠪᠡᠯᠡ ᠮᠥᠩᠭᠦ᠂ ᠲᠤᠷᠰᠢᠯᠲᠠ ᠶᠢᠨ ᠴᠡᠭ ᠢᠶᠠᠷ ᠵᠢᠱᠢᠶ᠎ᠡ ᠦᠵᠡᠭᠦᠯᠬᠦ ᠶᠢ ᠢᠳᠡᠪᠬᠢᠲᠡᠢ ᠲᠡᠮᠡᠴᠡᠨ ᠣᠯᠵᠤ᠂ ᠲᠦᠷᠦ ᠶᠢᠨ ᠪᠤᠳᠤᠯᠭ᠎ᠠ ᠶᠢᠨ ᠠᠰᠢᠭ ᠲᠤᠰᠠ ᠶᠢ ᠬᠥᠭᠵᠢᠯᠲᠡ ᠶᠢᠨ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠠᠮᠤ ᠪᠤᠳᠠᠭᠠᠨ ᠤ ᠠᠮᠤᠷ ᠲᠦᠪᠰᠢᠨ᠂ ᠲᠠᠷᠢᠶᠠᠨ ᠭᠠᠵᠠᠷ ᠢ ᠬᠠᠮᠠᠭᠠᠯᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠭᠤᠣᠯᠳᠠᠯᠭ᠎ᠠ ᠲᠠᠢ ᠡᠭᠦᠷᠭᠡ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠲᠤᠬᠢᠷᠠᠭᠤᠯᠵᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ 2025 ᠣᠨ ᠤ ︽ᠲᠠᠪᠤᠨ ᠶᠡᠭᠡ ᠡᠭᠦᠷᠭᠡ︾ ᠶᠢᠨ ᠭᠤᠣᠯᠳᠠᠯᠭ᠎ᠠ ᠲᠠᠢ ᠡᠭᠦᠷᠭᠡ ᠶᠢᠨ ᠨᠠᠷᠢᠨ ᠳᠠᠩᠰᠠ᠂ ︽ᠵᠢᠷᠭᠤᠭᠠᠨ ᠠᠵᠢᠯᠯᠠᠭ᠎ᠠ︾ ᠶᠢᠨ ᠠᠵᠢᠯ ᠤᠨ ᠲᠥᠰᠦᠯ ᠢ ᠬᠢᠨᠠᠨ ᠵᠥᠪᠯᠡᠵᠦ᠂ 2025 ᠣᠨ ᠤ ︽ᠵᠢᠷᠭᠤᠭᠠᠨ ᠢᠨᠵᠧᠨᠧᠷᠢᠩ︾ ᠤᠨ ᠠᠵᠢᠯ ᠤᠨ ᠲᠣᠬᠢᠷᠠᠭᠤᠯᠤᠯᠲᠠ ᠶᠢᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠨᠢᠭᠡ ᠭᠤᠣᠯ ᠰᠢᠵᠢᠮ ᠢ ᠲᠤᠭᠤᠰᠢᠯᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠢᠨ᠎ᠡ ᠵᠠᠮ ᠢ ᠨᠡᠭᠡᠭᠡᠵᠦ ᠳᠤᠮᠳᠠ ᠤᠷᠤᠰᠬᠠᠯ ᠳᠤ ᠣᠷᠣᠬᠤ︾ ᠬᠠᠷᠠᠯᠲᠠ ᠡᠭᠦᠷᠭᠡ ᠶᠢᠨ ᠲᠣᠭᠤᠷᠢᠨ ᠳᠤ᠂ ︽ᠲᠠᠪᠤᠨ ᠶᠡᠭᠡ ᠡᠭᠦᠷᠭᠡ︾᠂ ︽ᠵᠢᠷᠭᠤᠭᠠᠨ ᠢᠨᠵᠧᠨᠧᠷᠢᠩ︾᠂ ︽ᠵᠢᠷᠭᠤᠭᠠᠨ ᠠᠵᠢᠯᠯᠠᠭ᠎ᠠ︾ ᠶᠢ ᠨᠢᠭᠡ ᠴᠤᠭᠴᠠᠵᠢᠭᠤᠯᠤᠨ ᠠᠬᠢᠭᠤᠯᠵᠤ᠂ ᠰᠢᠰᠲ᠋ᠧᠮᠲᠦ ᠰᠡᠳᠬᠢᠬᠦᠢ ᠶᠢ ᠠᠰᠢᠭᠯᠠᠵᠤ᠂ ᠠᠬᠢᠭᠤᠯᠬᠤ ᠠᠷᠭ᠎ᠠ ᠬᠡᠮᠵᠢᠶ᠎ᠡ ᠶᠢ ᠨᠠᠷᠢᠯᠢᠬᠵᠢᠭᠤᠯᠵᠤ᠂ ᠮᠥᠷᠳᠡᠨ ᠪᠠᠶᠢᠴᠠᠭᠠᠵᠤ ᠦᠷ᠎ᠡ ᠪᠦᠲᠦᠮᠵᠢ ᠶᠢ ᠠᠰᠠᠭᠤᠬᠤ ᠶᠢ ᠴᠢᠩᠭᠠᠳᠬᠠᠵᠤ᠂ ᠡᠭᠦᠷᠭᠡᠯᠡᠬᠦ ᠶᠣᠰᠣᠲᠠᠢ ᠬᠠᠷᠢᠭᠤᠴᠠᠯᠭ᠎ᠠ ᠶᠢ ᠣᠨᠣᠪᠴᠢᠲᠠᠢ ᠪᠣᠳᠠᠲᠠᠢ ᠠᠳᠬᠤᠵᠤ ᠪᠦᠲᠦᠭᠡᠬᠦ ᠶᠢ ᠠᠬᠢᠭᠤᠯᠵᠤ᠂ ᠡᠨᠡ ᠵᠢᠯ ᠤᠨ ᠠᠵᠢᠯ ᠤᠨ ᠰᠠᠶᠢᠨ ᠡᠬᠢᠯᠡᠯᠲᠡ ᠶᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃                                       ᠣᠷᠴᠢᠭᠤᠯᠤᠭᠴᠢ᠄ ᠭᠤᠸ᠎ᠠ                                       ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2