ᠱᠠᠩᠳᠤ ᠰᠢᠶᠠᠨ᠄ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠬᠡᠷᠡᠭᠵᠢᠭᠦᠯᠵᠦ ᠠᠵᠤ ᠠᠬᠤᠶᠢᠯᠠᠯ ᠤᠨ ᠠᠮᠢᠵᠢᠷᠠᠯ ᠤᠨ ᠬᠦᠴᠦᠨ ᠢ ᠬᠥᠭᠵᠢᠭᠡᠨ᠎ᠡ
ᠨᠡᠶᠢᠲᠡᠯᠡᠭᠰᠡᠨ ᠴᠠᠭ᠄
2025/3/17
           2025 ᠤᠨ ᠡᠬᠢᠯᠡᠭᠰᠡᠨ ᠠᠴᠠ ᠨᠠᠰᠢ᠂ ᠱᠠᠩᠳᠤ ᠰᠢᠶᠠᠨ ᠪᠥᠬᠦ ᠲᠠᠯ᠎ᠠ ᠪᠠᠷ ᠪᠠᠶᠢᠷᠢᠯᠠᠭᠤᠯᠵᠤ᠂ ᠠᠵᠤ ᠠᠬᠤᠶᠢᠯᠠᠯ ᠢ ᠳᠡᠮᠵᠢᠬᠦ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠠᠵᠤ ᠠᠬᠤᠶᠢᠯᠠᠯ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠪᠡ᠃    ᠥᠪᠥᠷ ᠮᠣᠩᠭᠤᠯ ᠤᠨ ᠺᠠᠢ ᠶᠢᠨ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠪᠣᠯ ᠱᠠᠩᠳᠤ ᠰᠢᠶᠠᠨ ᠤ ᠭᠤᠣᠯᠳᠠᠯᠭ᠎ᠠ ᠲᠠᠢ ᠠᠵᠤ ᠠᠬᠤᠶᠢᠯᠠᠯ ᠤᠨ ᠨᠢᠭᠡ ᠪᠣᠯᠤᠨ᠎ᠠ᠂ ᠰᠢᠨ᠎ᠡ ᠡᠨᠧᠷᠭᠢ ᠶᠢᠨ ᠠᠵᠤ ᠦᠢᠯᠡᠰ ᠤᠨ ᠥᠷᠨᠢᠩᠭᠦᠢ ᠬᠥᠭᠵᠢᠬᠦ ᠶᠢ ᠳᠠᠭᠠᠯᠳᠤᠨ᠂ ᠺᠣᠮᠫᠠᠨᠢ ᠲᠦᠷᠭᠡᠨ ᠬᠥᠭᠵᠢᠬᠦ ᠶᠢᠨ ᠬᠠᠮᠲᠤ ᠪᠠᠰᠠ ᠠᠯᠢ ᠤᠯᠠᠨ ᠥᠷᠢᠰᠥᠯᠳᠦᠭᠡᠨ ᠳᠤ ᠲᠤᠯᠭᠠᠷᠠᠵᠤ ᠪᠠᠶᠢᠨ᠎ᠠ᠃ ᠠᠵᠤ ᠠᠬᠤᠶᠢᠯᠠᠯ ᠤᠨ ᠬᠥᠭᠵᠢᠯᠲᠡ ᠶᠢᠨ ᠶᠠᠪᠤᠴᠠ ᠳᠤ ᠲᠣᠬᠢᠶᠠᠯᠳᠤᠭᠰᠠᠨ ᠠᠯᠢ ᠣᠯᠠᠨ ᠬᠦᠴᠢᠷ ᠠᠰᠠᠭᠤᠳᠠᠯ ᠳᠤ ᠴᠢᠭᠯᠡᠭᠦᠯᠦᠨ᠂ ᠱᠠᠩᠳᠤ ᠰᠢᠶᠠᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠳᠤ ᠲᠦᠰᠢᠭᠯᠡᠨ᠂ ᠨᠠᠷᠢᠯᠢᠭ ᠣᠨᠣᠴᠠᠲᠠᠶ ᠪᠠᠷ ᠬᠦᠴᠦᠯᠡᠵᠦ᠂ ᠠᠵᠤ ᠠᠬᠤᠶᠢᠯᠠᠯ ᠳᠤ ᠬᠦᠴᠦᠲᠡᠶ ᠲᠥᠷᠥ ᠶᠢᠨ ᠪᠣᠳᠣᠯᠭ᠎ᠠ ᠶᠢᠨ ᠳᠡᠮᠵᠢᠯᠭᠡ ᠬᠠᠩᠭᠠᠵᠤ᠂ ᠠᠵᠤ ᠠᠬᠤᠶᠢᠯᠠᠯ ᠤᠨ ᠡᠵᠡᠩᠨᠡᠯᠲᠡ ᠶᠢᠨ ᠳᠠᠷᠤᠯᠲᠠ ᠶᠢ ᠪᠦᠲᠦᠮᠵᠢᠲᠡᠶ ᠬᠥᠩᠭᠡᠷᠡᠭᠦᠯᠪᠡ᠃    ︽ᠲᠦᠷᠦᠯ ᠵᠦᠢᠯ ᠢ ᠨᠠᠶᠢᠳᠠᠪᠤᠷᠢᠵᠢᠭᠤᠯᠬᠤ ᠠᠴᠠ ᠠᠰᠢᠭᠯᠠᠯᠲᠠ ᠳᠤ ᠣᠷᠣᠭᠤᠯᠬᠤ ᠬᠦᠷᠲᠡᠯ᠎ᠡ᠂ ᠱᠠᠩᠳᠤ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠡᠯ᠎ᠡ ᠰᠠᠯᠠᠭ᠎ᠠ ᠮᠥᠴᠢᠷ ᠴᠥᠮ ᠪᠢᠳᠡᠨ ᠳᠤ ᠬᠦᠴᠦᠲᠡᠢ ᠳᠡᠮᠵᠢᠯᠭᠡ ᠦᠵᠡᠭᠦᠯᠵᠡᠢ᠃ ᠡᠳᠦᠷ ᠲᠤᠲᠤᠮ ᠤᠨ ᠦᠢᠯᠡᠳᠪᠦᠷᠢᠯᠡᠯ ᠳᠤᠮᠳᠠ᠂ ᠪᠢᠳᠡᠨ ᠳᠤ ᠲᠤᠯᠭᠠᠷᠠᠭᠰᠠᠨ ᠠᠵᠢᠯᠴᠢᠨ ᠡᠯᠰᠡᠬᠦ᠂ ᠴᠠᠬᠢᠯᠭᠠᠨ ᠬᠡᠷᠡᠭᠯᠡᠬᠦ ᠵᠡᠷᠭᠡ ᠬᠦᠴᠢᠷᠳᠡᠯ ᠳᠤ ᠬᠤᠯᠪᠣᠭᠳᠠᠯ ᠪᠦᠬᠦᠢ ᠰᠠᠯᠠᠭ᠎ᠠ ᠮᠥᠴᠢᠷ ᠴᠦ ᠴᠠᠭ ᠲᠤᠬᠠᠶ ᠳᠤᠨᠢ ᠲᠤᠰᠠᠯᠠᠮᠵᠢ ᠦᠵᠡᠭᠦᠯᠵᠦ᠂ ᠠᠰᠠᠭᠤᠳᠠᠯ ᠢ ᠬᠠᠪᠰᠤᠷᠤᠨ ᠰᠢᠢᠳᠪᠦᠷᠢᠯᠡᠵᠦ ᠥᠭᠪᠡ᠃ ᠡᠭᠦᠨ ᠤ ᠵᠡᠷᠭᠡᠴᠡᠭᠡᠪᠡᠷ᠂ ᠡᠯ᠎ᠡ ᠰᠠᠯᠠᠭ᠎ᠠ ᠮᠥᠴᠢᠷ ᠪᠠᠰᠠ ᠲᠣᠭᠲᠠᠮᠠᠯ ᠬᠤᠭᠤᠴᠠᠭ᠎ᠠ ᠲᠠᠢ ᠪᠠᠷ ᠠᠵᠤ ᠠᠬᠤᠶᠢᠯᠠᠯ ᠳᠤ ᠬᠢᠨᠠᠯᠲᠠ ᠲᠠᠯᠪᠢᠨ ᠬᠠᠮᠢᠶᠠᠷᠴᠤ᠂ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠶᠢ ᠦᠨᠡᠨᠬᠦ ᠪᠠᠲᠤᠯᠠᠵᠠᠢ᠃︾ ᠥᠪᠥᠷ ᠮᠣᠩᠭᠤᠯ ᠤᠨ ᠺᠠᠢ ᠶᠢᠨ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠭᠥᠸᠧ ᠯᠸᠢ ᠬᠡᠯᠡᠪᠡ᠃    ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠨᠠᠷᠢᠯᠢᠭ ᠣᠨᠣᠴᠠᠲᠠᠶ ᠦᠢᠯᠡᠴᠢᠯᠡᠭᠡ ᠬᠠᠩᠭᠠᠬᠤ᠂ ᠲᠥᠷᠥ ᠶᠢᠨ ᠪᠣᠳᠣᠯᠭ᠎ᠠ ᠶᠢᠨ ᠲᠡᠳᠬᠦᠮᠵᠢ ᠶᠢ ᠴᠢᠩᠭᠠᠳᠬᠠᠬᠤ ᠵᠡᠷᠭᠡ ᠣᠯᠠᠨ ᠵᠦᠢᠯ ᠤᠨ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠱᠠᠩᠳᠤ ᠰᠢᠶᠠᠨ ᠤ ᠠᠵᠤ ᠠᠬᠤᠶᠢᠯᠠᠯ ᠢ ᠳᠡᠮᠵᠢᠬᠦ ᠠᠵᠢᠯᠯᠠᠭ᠎ᠠ ᠨᠢ ᠠᠵᠤ ᠠᠬᠤᠶᠢᠯᠠᠯ ᠢ ᠬᠠᠪᠰᠤᠷᠤᠨ ᠬᠥᠭᠵᠢᠯᠲᠡ ᠶᠢᠨ ᠳᠤᠮᠳᠠᠬᠢ ᠥᠷᠢᠰᠥᠯᠳᠦᠭᠡᠨ ᠢ ᠠᠷᠭᠠᠴᠠᠭᠠᠵᠤ᠂ ᠪᠠᠰᠠ ᠠᠵᠤ ᠠᠬᠤᠶᠢᠯᠠᠯ ᠤᠨ ᠠᠮᠢᠵᠢᠷᠠᠯ ᠤᠨ ᠬᠦᠴᠦᠨ ᠪᠠ ᠰᠢᠨ᠎ᠡ ᠶᠢ ᠡᠭᠦᠳᠬᠦ ᠳᠠᠯᠳᠠ ᠬᠦᠴᠦᠨ ᠢ ᠤᠯᠠᠮ ᠨᠢᠭᠡ ᠠᠯᠬᠤᠮ ᠬᠥᠭᠵᠢᠭᠡᠵᠦ᠂ ᠲᠤᠬᠠᠶ ᠶᠢᠨ ᠭᠠᠵᠠᠷ ᠤᠨ ᠠᠵᠤ ᠠᠬᠤᠶᠢᠯᠠᠯ ᠳᠤ ᠬᠥᠭᠵᠢᠯᠲᠡ ᠶᠢᠨ ᠰᠢᠨ᠎ᠡ ᠠᠵᠠ ᠲᠣᠬᠢᠶᠠᠯ ᠣᠯᠭᠤᠭᠰᠠᠨ ᠪᠥᠭᠡᠳ ᠱᠠᠩᠳᠤ ᠰᠢᠶᠠᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠭᠰᠡᠨ ᠪᠠᠶᠢᠨ᠎ᠠ᠃                          ᠵᠣᠬᠢᠶᠠᠭᠴᠢ᠄ ᠬᠤᠤ ᠱᠤᠸᠠᠢ ᠫᠧᠩ  ᠵᠢᠶ ᠰᠢᠤᠸᠠᠢ ᠢᠦᠶ  ᠴᠢᠶᠣᠤ ᠨᠠ                          ᠤᠷᠴᠢᠭᠤᠯᠤᠭᠴᠢ᠄ ᠬᠦᠰᠡᠯ                          ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2