3 ᠰᠠᠷ᠎ᠠ ᠶᠢᠨ 14 ᠤ ᠡᠳᠦᠷ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ | ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ ᠬᠠᠮᠲᠤ ᠶᠢᠨ ᠰᠤᠷᠤᠯᠴᠠᠯᠭ᠎ᠠ ᠬᠢᠵᠦ᠂ ᠶᠡᠷᠦᠩᠬᠡᠶ | ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠠᠷᠪᠠ ᠶᠢᠰᠦᠳᠦᠭᠡᠷ | ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ | ᠰᠤᠷᠤᠯᠴᠠᠵᠤ᠂ ᠶᠡᠷᠦᠩᠬᠡᠶ ᠱᠦᠵᠢ ᠰᠢ ᠶᠢᠨ ᠫᠢᠩ ᠤᠨ ᠤᠯᠤᠰ ᠤᠨ ᠠᠮᠤᠷ ᠲᠦᠪᠰᠢᠨ ᠤ ᠲᠤᠬᠠᠶ ᠴᠢᠬᠤᠯᠠ | ᠥᠭᠦᠯᠡᠯᠲᠡ ᠶᠢ ᠭᠦᠨᠵᠡᠭᠡᠶ ᠰᠤᠷᠤᠯᠴᠠᠬᠤ᠂ ᠤᠯᠤᠰ ᠤᠨ ᠠᠮᠤᠷ ᠲᠦᠪᠰᠢᠨ ᠤ ᠶᠡᠷᠦᠩᠬᠡᠶ ᠦᠵᠡᠯᠲᠡ ᠶᠢ ᠪᠦᠷᠢᠨ | ᠪᠦᠲᠦᠨ ᠣᠨᠣᠪᠴᠢᠲᠠᠶ ᠪᠥᠬᠦ ᠲᠠᠯ᠎ᠠ ᠪᠠᠷ ᠲᠤᠭᠤᠰᠢᠯᠠᠭᠤᠯᠬᠤ ᠶᠢᠨ ᠲᠣᠭᠤᠷᠢᠨ ᠳᠤ ᠰᠤᠳᠤᠯᠤᠨ ᠶᠠᠷᠢᠯᠴᠠᠵᠤ | ᠰᠠᠨᠠᠯ ᠢᠶᠠᠨ ᠰᠣᠯᠢᠯᠴᠠᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠵᠠᠰᠠᠭ ᠤᠨ | ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠣᠷᠣᠯᠠᠭᠴᠢ ᠬᠤᠲᠠ ᠶᠢᠨ ᠳᠠᠷᠤᠭ᠎ᠠ ᠯᠢᠦ ᠬᠠᠶ | ᠴᠢᠤᠸᠠᠨ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ | ᠯᠢᠦ ᠬᠠᠢ ᠴᠢᠤᠸᠠᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠰᠢᠰᠲ᠋ᠧᠮ ᠲᠠᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠬᠤᠶᠠᠷ ᠢ ᠲᠣᠭᠲᠠᠭᠠᠭᠰᠠᠨ︾ ᠢ ᠡᠷᠡᠰ | ᠬᠦᠷᠢᠶᠡᠯᠡᠬᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠦᠨᠳᠦᠷᠴᠡ ᠠᠴᠠ ᠪᠦᠬᠦ ᠬᠤᠳᠠ ᠶᠢᠨ ᠠᠮᠤᠷ | ᠲᠦᠪᠰᠢᠨ ᠤ ᠠᠵᠢᠯ ᠢ ᠬᠢᠨᠠᠨ ᠦᠵᠡᠵᠦ᠂ ᠶᠡᠷᠦᠩᠬᠡᠢ ᠴᠣᠭᠴᠠ ᠶᠢᠨ ᠤᠯᠤᠰ ᠤᠨ ᠠᠮᠤᠷ ᠲᠦᠪᠰᠢᠨ ᠤ ᠦᠵᠡᠯᠲᠡ ᠶᠢ | ᠡᠷᠡᠰ ᠭᠤᠶᠢᠪᠢᠰᠢ ᠦᠭᠡᠢ ᠲᠤᠭᠤᠰᠢᠯᠠᠭᠤᠯᠵᠤ᠂ ︽ᠨᠢᠭᠡ ᠭᠠᠵᠠᠷ ᠤᠨ ᠬᠥᠭᠵᠢᠯᠲᠡ ᠶᠢ ᠠᠬᠢᠭᠤᠯᠬᠤ᠂ ᠨᠢᠭᠡ | ᠭᠠᠵᠠᠷ ᠤᠨ ᠠᠮᠤᠷ ᠲᠦᠪᠰᠢᠨ ᠢ ᠪᠠᠲᠤᠯᠠᠬᠤ︾ ᠤᠯᠤᠰ ᠲᠦᠷᠦ ᠶᠢᠨ ᠬᠠᠷᠢᠭᠤᠴᠠᠯᠭ᠎ᠠ ᠪᠠᠨ ᠯᠠᠪᠳᠠᠭᠤᠨ ᠪᠠᠲᠤᠲᠠᠢ | ᠭᠦᠢᠴᠡᠳᠬᠡᠵᠦ᠂ ᠬᠥᠭᠵᠢᠯᠲᠡ ᠪᠣᠯᠤᠨ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ︽ | ᠨᠢᠭᠡ ᠭᠤᠣᠯ ᠱᠤᠭᠤᠮ ᠢ ᠲᠤᠭᠤᠰᠢᠯᠠᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠮᠣᠩᠭᠤᠯ ᠮᠣᠷᠢᠨ ᠤ | ᠵᠣᠷᠢᠭ ᠰᠠᠨᠠᠭ᠎ᠠ ᠶᠢ ᠪᠠᠳᠠᠷᠠᠭᠤᠯᠬᠤ᠂ ᠰᠢᠨ᠎ᠡ ᠵᠠᠮ ᠢ ᠨᠡᠭᠡᠭᠡᠵᠦ ᠳᠤᠮᠳᠠ ᠤᠷᠤᠰᠬᠠᠯ ᠳᠤ ᠣᠷᠣᠬᠤ︾ ᠶᠢ ᠪᠦᠬᠦ | ᠲᠠᠯ᠎ᠠ ᠪᠠᠷ ᠠᠬᠢᠭᠤᠯᠬᠤ ᠳᠤ ᠠᠮᠤᠷ ᠲᠣᠭᠲᠠᠭᠤᠨ ᠤᠯᠤᠰ ᠲᠦᠷᠦ ᠨᠡᠶᠢᠭᠡᠮ ᠤᠨ ᠣᠷᠴᠢᠨ ᠲᠣᠭᠤᠷᠢᠨ ᠢ ᠪᠤᠢ | ᠪᠣᠯᠭᠠᠬᠤ ᠬᠡᠷᠡᠭᠲᠡᠢ᠃ ᠤᠯᠤᠰ ᠤᠨ ᠠᠮᠤᠷ ᠲᠦᠪᠰᠢᠨ ᠢ ᠪᠠᠲᠤᠯᠠᠬᠤ ᠶᠢ ᠲᠡᠷᠢᠭᠦᠨ ᠴᠢᠬᠤᠯᠠ ᠶᠠᠪᠤᠳᠠᠯ ᠪᠣᠯᠭᠠᠵᠤ᠂ | ᠤᠯᠤᠰ ᠤᠨ ᠤᠯᠤᠰ ᠲᠦᠷᠦ ᠶᠢᠨ ᠠᠮᠤᠷ ᠲᠦᠪᠰᠢᠨ ᠢ ᠡᠷᠡᠰ ᠬᠠᠮᠠᠭᠠᠯᠠᠵᠤ᠂ ᠤᠯᠠᠨ ᠨᠡᠶᠢᠲᠡ ᠶᠢᠨ ᠠᠮᠤᠷ | ᠲᠦᠪᠰᠢᠨ ᠤ ᠰᠢᠰᠲ᠋ᠧᠮ ᠢ ᠦᠷᠭᠦᠯᠵᠢᠯᠡᠨ ᠲᠡᠭᠦᠯᠳᠡᠷᠵᠢᠭᠦᠯᠵᠦ᠂ ᠨᠡᠶᠢᠭᠡᠮ ᠤᠨ ᠠᠮᠤᠷ ᠲᠦᠪᠰᠢᠨ ᠤ ᠪᠦᠬᠦᠯᠢ | ᠴᠣᠭᠴᠠ ᠶᠢᠨ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠦᠵᠡᠯ ᠤᠬᠠᠮᠰᠠᠷ ᠤᠨ ᠬᠡᠯᠪᠡᠷᠢ᠂ ᠨᠡᠶᠢᠭᠡᠮ ᠤᠨ | ᠲᠣᠭᠲᠠᠭᠤᠨ᠂ ᠠᠶᠤᠯᠭᠦᠢ ᠦᠢᠯᠡᠳᠪᠦᠷᠢᠯᠡᠯ᠂ ᠠᠮᠢ ᠠᠬᠤᠢ ᠶᠢᠨ ᠣᠷᠴᠢᠨ ᠲᠣᠭᠤᠷᠢᠨ᠂ ᠡᠳ᠋ ᠤᠨ ᠵᠠᠰᠠᠭ ᠮᠥᠩᠭᠦᠨ | ᠭᠦᠢᠯᠭᠡᠭᠡ ᠵᠡᠷᠭᠡ ᠬᠦᠷᠢᠶᠡᠨ ᠤ ᠠᠶᠤᠯ ᠲᠦᠭᠰᠢᠭᠦᠷᠢ ᠶᠢ ᠬᠦᠴᠦᠯᠡᠨ ᠰᠡᠷᠭᠡᠶᠢᠯᠡᠨ ᠠᠷᠢᠯᠭᠠᠵᠤ᠂ ᠨᠡᠩ ᠥᠨᠳᠥᠷ | ᠲᠦᠪᠰᠢᠨ ᠪᠦᠬᠦᠢ ᠠᠮᠤᠷ ᠠᠮᠤᠭᠤᠯᠠᠩ ᠤᠯᠠᠭᠠᠨᠴᠠᠪ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ᠃ | ᠤᠬᠠᠭᠤᠯᠭ᠎ᠠ ᠬᠥᠮᠦᠵᠢᠯ ᠢ ᠪᠠᠶᠢᠩᠭᠤᠵᠢᠭᠤᠯᠤᠨ ᠥᠷᠨᠢᠭᠦᠯᠵᠦ᠂ ᠤᠯᠤᠰ ᠤᠨ ᠠᠮᠤᠷ ᠲᠦᠪᠰᠢᠨ ᠤ ︽ᠬᠥᠮᠦᠨ | ᠪᠦᠬᠦᠨ ᠣᠷᠣᠯᠴᠠᠵᠤ᠂ ᠬᠥᠮᠦᠨ ᠪᠦᠬᠦᠨ ᠬᠠᠷᠢᠭᠤᠴᠠᠯᠭ᠎ᠠ ᠲᠠᠢ ᠪᠠᠶᠢᠬᠤ︾ ᠭᠦᠨ ᠵᠤᠵᠠᠭᠠᠨ ᠠᠭᠤᠷ ᠠᠮᠢᠰᠬᠤᠯ ᠢ | ᠪᠤᠢ ᠪᠣᠯᠭᠠᠬᠤ ᠬᠡᠷᠡᠭᠲᠡᠢ᠃ ᠨᠠᠮ ᠤᠨ ᠬᠠᠷᠢᠴᠠᠯᠠᠰᠢᠭᠦᠢ ᠤᠳᠤᠷᠢᠳᠤᠯᠭ᠎ᠠ ᠶᠢ ᠤᠯᠤᠰ ᠤᠨ ᠠᠮᠤᠷ ᠲᠦᠪᠰᠢᠨ ᠤ | ᠠᠵᠢᠯ ᠤᠨ ᠡᠯ᠎ᠡ ᠲᠠᠯ᠎ᠠ ᠪᠦᠬᠦ ᠶᠠᠪᠤᠴᠠ ᠳᠤ ᠲᠤᠭᠤᠰᠢᠯᠠᠭᠤᠯᠵᠤ᠂ ᠤᠯᠤᠰ ᠤᠨ ᠠᠮᠤᠷ ᠲᠦᠪᠰᠢᠨ ᠤ | ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯ ᠤᠨ ᠬᠠᠷᠢᠭᠤᠴᠠᠯᠭ᠎ᠠ ᠪᠠᠨ ᠪᠠᠷᠢᠮᠲᠠᠯᠠᠬᠤ᠂ | ᠠᠵᠢᠯ ᠤᠨ ᠬᠠᠷᠢᠭᠤᠴᠠᠯᠭ᠎ᠠ ᠪᠠᠨ ᠰᠠᠬᠢᠬᠤ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠭᠡᠬᠦ ᠶᠢ ᠦᠨᠡᠨ ᠬᠦ | ᠪᠡᠶᠡᠯᠡᠭᠦᠯᠬᠦ ᠬᠡᠷᠡᠭᠲᠡᠢ ᠭᠡᠵᠦ ᠬᠡᠯᠡᠪᠡ᠃ | ᠣᠷᠴᠢᠭᠤᠯᠤᠭᠴᠢ᠄ ᠭᠤᠸ᠎ᠠ | ᠬᠢᠨᠠᠭᠴᠢ᠄ ᠠᠷᠢᠭᠤᠨ |