| | ᠬᠠᠪᠤᠷ ᠤᠨ ᠲᠠᠷᠢᠶᠠᠯᠠᠭ᠎ᠠ ᠶᠢᠨ ᠴᠠᠭ ᠬᠦᠷᠴᠦ ᠢᠷᠡᠬᠦ ᠶᠢ ᠳᠠᠭᠠᠯᠳᠤᠨ᠂ ᠯᠢᠶᠠᠩᠴᠧᠩ ᠰᠢᠶᠠᠨ ᠲᠠᠷᠢᠶᠠᠯᠠᠬᠤ | ᠴᠠᠭ ᠢ ᠵᠠᠪᠳᠤᠨ ᠠᠳᠬᠤᠵᠤ᠂ ᠢᠳᠡᠪᠬᠢᠲᠡᠶ ᠪᠠᠷ ᠬᠦᠴᠦᠲᠡᠶ ᠠᠷᠭ᠎ᠠ ᠬᠡᠮᠵᠢᠶ᠎ᠡ ᠠᠪᠴᠤ᠂ ᠲᠠᠷᠢᠶᠠᠯᠠᠩ ᠤᠨ | ᠦᠢᠯᠡᠳᠪᠦᠷᠢᠯᠡᠯ ᠤᠨ ᠬᠡᠷᠡᠭᠰᠡᠯ ᠢ ᠨᠥᠭᠡᠴᠡᠯᠡᠵᠦ ᠰᠢᠯᠵᠢᠭᠦᠯᠦᠨ ᠲᠡᠭᠡᠭᠡᠪᠦᠷᠢᠯᠡᠬᠦ ᠶᠢ ᠴᠢᠩᠭᠠᠳᠬᠠᠵᠤ᠂ ᠬᠠᠪᠤᠷ ᠤᠨ | ᠲᠠᠷᠢᠶᠠᠯᠠᠭ᠎ᠠ ᠶᠢᠨ ᠦᠢᠯᠡᠳᠪᠦᠷᠢᠯᠡᠯ ᠳᠤ ︽ᠠᠮᠤ ᠪᠤᠳᠠᠭ᠎ᠠ︾ ᠶᠢ ᠬᠦᠢᠴᠡᠳ ᠪᠡᠯᠡᠳᠬᠡᠵᠦ᠂ ᠬᠠᠪᠤᠷ ᠤᠨ | ᠲᠠᠷᠢᠶᠠᠯᠠᠭ᠎ᠠ ᠶᠢ ᠰᠠᠭᠠᠲᠠᠭᠠᠬᠤ ᠥᠬᠡᠶ᠂ ᠲᠠᠷᠢᠶᠠᠯᠠᠬᠤ ᠴᠠᠭ ᠢ ᠰᠠᠭᠠᠲᠠᠭᠠᠬᠤ ᠥᠬᠡᠶ ᠪᠠᠶᠢᠬᠤ ᠶᠢ ᠦᠨᠡᠨᠬᠦ ᠪᠠᠲᠤᠯᠠᠪᠠ᠃ | ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠡᠮᠬᠢ ᠵᠢᠷᠤᠮ ᠲᠠᠢ ᠠᠬᠢᠭᠤᠯᠬᠤ ᠶᠢ ᠪᠠᠲᠤᠯᠠᠬᠤ ᠶᠢᠨ | ᠲᠥᠯᠥᠭᠡ᠂ ᠡᠯ᠎ᠡ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠪᠣᠷᠣᠯᠠᠭᠤᠯᠬᠤ ᠳᠡᠯᠭᠡᠭᠦᠷ ᠴᠦ ᠢᠳᠡᠪᠬᠢᠲᠡᠶ ᠪᠠᠷ | ᠬᠥᠳᠡᠯᠦᠯᠴᠡᠵᠦ᠂ ᠬᠢᠮᠢ ᠶᠢᠨ ᠪᠣᠷᠳᠣᠭᠤᠷ᠂ ᠦᠷ᠎ᠡ᠂ ᠲᠠᠷᠢᠶᠠᠨ ᠡᠮ ᠵᠡᠷᠭᠡ ᠲᠠᠷᠢᠶᠠᠯᠠᠩ ᠤᠨ ᠦᠢᠯᠡᠳᠪᠦᠷᠢᠯᠡᠯ ᠤᠨ | ᠬᠡᠷᠡᠭᠰᠡᠯ ᠤᠨ ᠪᠡᠯᠡᠳᠬᠡᠯ ᠠᠵᠢᠯ ᠢ ᠤᠷᠢᠳᠴᠢᠯᠠᠨ ᠰᠠᠶᠢᠲᠤᠷ ᠬᠢᠪᠡ᠃ 3 ᠰᠠᠷ᠎ᠠ ᠶᠢᠨ ᠰᠢᠨᠡᠳ ᠢᠶᠠᠷ ᠪᠥᠬᠦ | ᠰᠢᠶᠠᠨ ᠢᠶᠠᠷ ᠢᠶᠠᠨ ᠨᠢᠭᠡᠨᠲᠡ ᠡᠯ᠎ᠡ ᠲᠥᠷᠥᠯ ᠤᠨ ᠦᠷ᠎ᠡ ᠶᠢ 0.28 ᠲᠦᠮᠡᠨ ᠲᠣᠨ᠂ ᠬᠢᠮᠢ ᠶᠢᠨ ᠪᠣᠷᠲᠣᠭᠤᠷ ᠢ 0. | 19 ᠲᠦᠮᠡᠨ ᠲᠣᠨ᠂ ᠰᠦᠯᠢᠶᠣᠣ ᠪᠦᠷᠬᠦᠪᠴᠢ ᠶᠢ 0.05 ᠲᠦᠮᠡᠨ ᠲᠣᠨ ᠰᠢᠯᠵᠢᠭᠦᠯᠦᠨ ᠲᠡᠭᠡᠭᠡᠪᠦᠷᠢᠯᠡᠵᠦ᠂ | ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠳᠤ ᠢᠳᠡᠪᠬᠢᠲᠡᠢ ᠪᠡᠯᠡᠳᠬᠡᠬᠦ᠂ ᠲᠠᠷᠢᠶᠠᠯᠠᠩ ᠤᠨ | ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠪᠠᠷ ᠳᠡᠮᠵᠢᠨ᠂ | ᠯᠢᠶᠠᠩᠴᠧᠩ ᠰᠢᠶᠠᠨ ᠪᠥᠬᠦ ᠵᠢᠯ ᠤᠨ ᠲᠠᠷᠢᠶᠠᠯᠠᠩ ᠤᠨ ᠦᠢᠯᠡᠳᠪᠦᠷᠢᠯᠡᠯ ᠳᠤ ᠪᠠᠲᠤ ᠪᠠᠬᠢ ᠰᠠᠭᠤᠷᠢ ᠶᠢ ᠲᠠᠯᠪᠢᠭᠰᠠᠨ | ᠪᠠᠶᠢᠨ᠎ᠠ᠃ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ |